ᠥᠪᠥᠷ ᠮᠣᠩᠭᠤᠯ ᠤᠨ ᠡᠪᠡᠳᠴᠢᠲᠡᠨ ᠢᠷᠡᠬᠦ ᠵᠢᠯ ᠤᠨ 1 ᠳ᠋ᠤᠭᠡᠷ ᠰᠠᠷ᠎ᠠ ᠠᠴᠠ ᠡᠬᠢᠯᠡᠨ ᠳᠤᠮᠳᠠᠴᠢ ᠪᠠᠷ 700 ᠲᠥᠭᠦᠷᠢᠭ ᠤᠷᠴᠢᠮ ᠤᠨ ᠲᠢᠲᠢᠮ ᠯᠣᠭᠰᠢᠭᠤᠨ ᠰᠤᠳᠠᠯ ᠤᠨ ᠲᠡᠯᠡᠭᠴᠢ ᠶᠢ ᠬᠡᠷᠡᠭᠯᠡᠵᠦ ᠪᠣᠯᠤᠨ᠎ᠠ
ᠨᠡᠶᠢᠲᠡᠯᠡᠭᠰᠡᠨ ᠴᠠᠭ᠄
2020/12/11
     2020 ᠣᠨ ᠤ 11 ᠳ᠋ᠤᠭᠡᠷ ᠰᠠᠷ᠎ᠠ ᠶᠢᠨ 9 ᠤ ᠡᠳᠦᠷ᠂ ᠤᠯᠤᠰ ᠠᠴᠠ ᠵᠣᠬᠢᠶᠠᠨ ᠪᠠᠶᠢᠭᠤᠯᠣᠭᠰᠠᠨ ᠲᠢᠲᠢᠮ ᠯᠣᠭᠰᠢᠭᠤᠨ ᠰᠤᠳᠠᠯ ᠤᠨ ᠲᠡᠯᠡᠭᠴᠢ ᠶᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠬᠤᠭᠳᠠᠭᠰᠠᠨ ᠦᠷ᠎ᠡ ᠳ᠋ᠦᠩ ᠢ ᠨᠡᠶᠢᠲᠡᠯᠡᠵᠦ᠂ 8 ᠠᠵᠤ ᠠᠬᠤᠶᠢᠯᠠᠯ ᠤᠨ 10 ᠦᠢᠯᠡᠳᠭᠦᠨ ᠰᠤᠩᠭᠤᠭᠳᠠᠵᠤ᠂ ᠲᠡᠯᠡᠭᠴᠢ ᠶᠢᠨ ᠳᠤᠮᠳᠠᠴᠢ ᠦᠨ᠎ᠡ ᠶᠢ 1.3 ᠲᠦᠮᠡᠨ ᠲᠥᠭᠦᠷᠢᠭ ᠣᠷᠴᠢᠮ ᠪᠠᠶᠢᠭᠰᠠᠨ ᠠᠴᠠ ᠪᠠᠭᠤᠷᠠᠭᠤᠯᠤᠭᠠᠳ 700 ᠲᠥᠭᠦᠷᠢᠭ ᠣᠷᠴᠢᠮ ᠪᠤᠯᠭᠠᠵᠦ᠂ ᠰᠣᠩᠭᠤᠭᠳᠠᠭᠰᠠᠨ ᠨᠢ ᠦᠨᠳᠦᠰᠦᠨ ᠳᠡᠭᠡᠨ ᠴᠥᠮ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠦᠷᠭᠦᠯᠵᠢ ᠬᠡᠷᠡᠭᠯᠡᠳᠡᠭ ᠭᠤᠤᠯ ᠤᠷᠤᠰᠬᠠᠯ ᠤᠨ ᠦᠢᠯᠡᠳᠬᠦᠨ ᠪᠠᠶᠢᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠰᠠᠨᠠᠮᠵᠢ ᠶᠢᠨ 70% ᠠᠴᠠ ᠳᠡᠭᠡᠭᠰᠢᠬᠢ ᠶᠢ ᠬᠠᠮᠤᠷᠠᠭᠰᠠᠨ ᠪᠠᠶᠢᠨ᠎ᠠ᠃ ᠲᠣᠰ ᠤᠳᠠᠭ᠎ᠠ ᠬᠤᠳᠠᠯᠳᠤᠨ ᠠᠪᠬᠤ ᠳᠤ᠂ ᠮᠠᠨ ᠤ ᠣᠷᠣᠨ ᠨᠡᠶᠢᠲᠡ 80 ᠡᠮᠴᠢᠯᠡᠭᠡᠨ ᠤ ᠪᠠᠶᠢᠭᠤᠯᠤᠮᠵᠢ ᠣᠷᠣᠯᠴᠠᠵᠤ᠂ ᠲᠦᠷᠦᠭᠦᠤ ᠵᠢᠯ ᠳᠤ ᠬᠤᠳᠠᠯᠳᠤᠨ ᠠᠪᠬᠤ ᠰᠠᠨᠠᠮᠵᠢ ᠶᠢᠨ ᠬᠡᠮᠵᠢᠶ᠎ᠡ ᠨᠡᠶᠢᠲᠡ 2.22 ᠲᠦᠮᠡ ᠪᠠᠶᠢᠵᠤ᠂ ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠰᠠᠨᠠᠮᠵᠢ ᠶᠢᠨ ᠬᠡᠮᠵᠢᠶᠡᠨ ᠤ 2.06% ᠶᠢ ᠡᠵᠡᠯᠡᠪᠡ᠃ 2019 ᠣᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠠᠳᠠᠯᠢ ᠠᠵᠤ ᠠᠬᠤᠶᠢᠯᠠᠯ ᠤᠨ ᠠᠳᠠᠯᠢ ᠦᠢᠯᠡᠳᠭᠦᠨ ᠤ ᠳᠤᠮᠳᠠᠴᠢ ᠦᠨ᠎ᠡ 93.65% ᠪᠠᠷ ᠪᠠᠭᠤᠷᠠᠵᠤ᠂ ᠤᠯᠤᠰ ᠤᠨ ᠲᠤᠳᠤᠭᠠᠳᠦ ᠶᠢᠨ ᠦᠢᠯᠡᠳᠭᠦᠨ ᠤ ᠳᠤᠮᠳᠠᠴᠢ ᠦᠨ᠎ᠡ 92.64% ᠪᠠᠷ ᠪᠠᠭᠤᠷᠠᠪᠠ᠃ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠤ ᠳᠤᠮᠳᠠᠴᠢ ᠦᠨ᠎ᠡ ᠨᠢ 95.66% ᠪᠠᠷ ᠪᠠᠭᠤᠷᠠᠵᠤ᠂ ᠳᠠᠭᠠᠭᠠᠴᠢᠯᠠᠯᠲᠠ ᠣᠯᠤᠭᠰᠠᠨ ᠦᠢᠯᠡᠳᠬᠦᠨ 75.93% ᠶᠢᠨ ᠭᠤᠶᠤᠴᠢᠯᠠᠨ ᠮᠡᠳᠡᠭᠦᠯᠵᠦ ᠬᠤᠳᠠᠯᠳᠤᠨ ᠠᠪᠬᠤ ᠰᠠᠨᠠᠮᠵᠢ ᠶᠢᠨ ᠬᠡᠷᠡᠭᠴᠡᠭᠡ ᠶᠢ ᠬᠠᠩᠭᠠᠵᠤ᠂ ᠵᠢᠱᠢᠯᠲᠡ ᠪᠠᠷ ᠵᠢᠯ ᠳᠤ 2.37 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠠᠷᠪᠢᠯᠠᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ᠂ ᠰᠣᠩᠭᠤᠭᠳᠠᠭᠰᠠᠨ ᠦᠷ᠎ᠡ ᠳ᠋ᠦᠩ ᠢ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦ ᠤᠯᠤᠰ ᠲᠤ ᠨᠢᠭᠡᠳᠦᠯᠳᠡᠢ ᠬᠡᠷᠡᠭᠵᠢᠭᠦᠯᠦᠨ᠎ᠡ᠂ ᠲᠤᠬᠠᠶ ᠶᠢᠨ ᠦᠶ᠎ᠡ ᠳᠤ᠂ ᠮᠠᠨ ᠤ ᠣᠷᠣᠨ ᠤ ᠡᠪᠡᠳᠴᠢᠲᠡᠨ ᠴᠢᠨᠠᠷ ᠰᠠᠶᠢᠲᠠᠶ ᠦᠨ᠎ᠡ ᠬᠢᠮᠳᠠ ᠲᠢᠲᠢᠮ ᠯᠣᠭᠰᠢᠭᠤᠨ ᠰᠤᠳᠠᠯ ᠤᠨ ᠲᠡᠯᠡᠭᠴᠢ ᠶᠢ ᠬᠡᠷᠡᠭᠯᠡᠬᠦ ᠪᠣᠯᠤᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号