ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ᠂ ᠰᠢᠯᠵᠢᠮᠡᠯ ᠲᠣᠭᠠᠴᠠᠭ᠎ᠠ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠢ ᠨᠡᠭᠦᠯᠭᠡᠨ ᠰᠢᠯᠵᠢᠭᠦᠯᠬᠦ ᠠᠵᠢᠯ ᠢ ᠲᠦᠪᠯᠡᠷᠡᠭᠦᠯᠦᠨ ᠪᠠᠶᠢᠷᠢᠯᠠᠭᠤᠯᠬᠤ  ᠰᠦᠯᠵᠢᠶᠡᠨ ᠤ ᠵᠣᠯᠭᠠᠭᠤᠯᠤᠯᠲᠠ ᠵᠢᠨ‌ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/11
            ᠥᠪᠥᠷ ᠡᠮᠴᠢᠯᠡᠭᠡ ᠪᠠᠲᠤᠯᠠᠭ᠎ᠠ ᠠᠯᠪᠠᠨ ᠥᠰᠥᠭ ︹ 2020 ︺ 57 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠳᠤ᠄      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮᠴᠢᠯᠡᠭᠡᠨ ᠤ ᠪᠠᠲᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠡᠮᠴᠢᠯᠡᠭᠡ ᠪᠠᠲᠤᠯᠠᠭ᠎ᠠ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︹ 2019 ︺ 39  ᠳ᠋ᠤᠭᠡᠷ ᠲᠣᠭᠠᠲᠤ︶᠂ ︽ᠡᠮᠴᠢᠯᠡᠭᠡᠨ ᠤ ᠪᠠᠲᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠲᠤᠬᠠᠶ ᠮᠡᠳᠡᠭᠳᠡᠯ︾ ︵ᠡᠮᠴᠢᠯᠡᠭᠡ ᠪᠠᠲᠤᠯᠠᠭ᠎ᠠ ᠠᠯᠪᠠᠨ ᠬᠡᠷ ︹ 2020 ︺ 10 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠮᠴᠢᠯᠡᠭᠡᠨ ᠤ  ᠪᠠᠲᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ ᠪᠦᠳᠦᠭᠡᠨ ᠪᠠᠶᠢᠭᠤᠯᠤᠯᠲᠠ ᠶᠢᠨ ᠲᠥᠰᠦᠯ︾ ︵ᠥᠪᠥᠷ ᠡᠮᠴᠢᠯᠡᠭᠡ  ᠪᠠᠲᠤᠯᠠᠭ᠎ᠠ ᠠᠯᠪᠠᠨ ᠲᠠᠷᠬᠠᠭᠠᠭᠰᠠᠨ ︹ 2020 ︺ 11 ᠳ᠋ᠤᠭᠡᠷ ᠲᠣᠭᠠᠲᠤ︶᠂ ︽ᠡᠯ᠎ᠡ ᠠᠶᠢᠮᠠᠭ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠢᠰᠲ᠋ᠧᠮ ᠢ ᠨᠡᠭᠦᠯᠭᠡᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠳᠠᠭᠠᠳᠬᠠᠯ ᠠᠯᠪᠠᠨ ᠥᠰᠥᠭ ︹ 2020 ︺ 22 ᠳ᠋ᠤᠭᠠᠷ ᠲᠣᠭᠠᠲᠤ︶ ᠳᠤ ᠲᠣᠳᠣᠷᠬᠠᠶ ᠲᠤᠷᠠᠳᠴᠦ ᠂ ᠡᠨᠡ ᠵᠢᠯ ᠤᠨ 7 ᠰᠠᠷ᠎ᠠ ᠳᠤ ᠤᠯᠤᠰ ᠤᠨ ᠰᠠᠭᠤᠷᠢ ᠮᠡᠳᠡᠭᠡ ᠵᠠᠩᠭᠢ ᠶᠢᠨ ᠲᠥᠪ᠂ ᠡᠯᠧᠺᠲᠷᠣᠨ ᠭᠡᠷᠡᠴᠢ ᠪᠠᠷᠢᠮᠲᠠ ᠶᠢᠨ ᠲᠥᠪ᠂ ᠰᠢᠯᠵᠢᠮᠡᠯ ᠲᠣᠭᠠᠴᠠᠭ᠎ᠠ ᠬᠢᠬᠦ ᠲᠥᠪ ᠵᠢᠩᠬᠢᠨᠢ ᠪᠠᠷ ᠰᠦᠯᠵᠢᠶᠡᠨ ᠳᠤ ᠭᠠᠷᠪᠠ᠃        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠮᠡᠳᠡᠭᠡ ᠵᠠᠩᠭᠢ ᠶᠢᠨ ᠲᠥᠪ᠂ ᠡᠯᠧᠺᠲᠷᠣᠨ ᠭᠡᠷᠡᠴᠢ ᠪᠠᠷᠢᠮᠲᠠ ᠶᠢᠨ ᠲᠥᠪ᠂ ᠰᠢᠯᠵᠢᠮᠡᠯ ᠲᠣᠭᠠᠴᠠᠭ᠎ᠠ ᠬᠢᠬᠦ ᠲᠥᠪ ᠢ ᠰᠦᠯᠵᠢᠶᠡᠨ ᠳᠤ ᠭᠠᠷᠭᠠᠬᠤ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠰᠢᠰᠲ᠋ᠧᠮ ᠢ ᠲᠥᠪᠯᠡᠷᠡᠭᠦᠯᠦᠨ ᠪᠠᠶᠢᠷᠢᠯᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠯ᠎ᠡ ᠭᠠᠵᠠᠷ ᠤᠨ ᠬᠢᠨ ᠰᠤᠷᠪᠤᠯᠵᠢᠯᠠᠨ ᠲᠤᠷᠰᠢᠬᠤ᠂ ᠵᠠᠯᠭᠠᠭᠠᠰᠤ ᠪᠠᠷ ᠬᠤᠯᠪᠣᠭᠠᠯᠠᠨ ᠰᠢᠯᠭᠠᠬᠤ ᠵᠡᠷᠭᠡ ᠠᠵᠢᠯ ᠢ ᠬᠠᠮᠵᠢᠯᠴᠠᠨ ᠪᠡᠶᠡᠯᠡᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ ᠨᠤᠭᠤᠳ ᠠᠶᠢᠮᠠᠭ ᠬᠤᠲᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠰᠢᠰᠲ᠋ᠧᠮ ᠤᠨ ᠰᠦᠯᠵᠢᠶ᠎ᠡ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠴᠢᠬᠤᠯᠠᠲᠠᠶ ᠪᠠᠶᠢᠨ᠎ᠠ᠃ ᠪᠣᠳᠠᠲᠠᠶ ᠱᠠᠭᠠᠷᠳᠠᠯᠭ᠎ᠠ ᠨᠢ ᠳᠣᠤᠷᠠᠬᠢ ᠮᠡᠲᠦ᠄      ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠪᠠᠶᠢᠷᠢᠯᠠᠭᠤᠯᠤᠭᠰᠠᠨ ᠪᠣᠯᠬᠤᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠲᠥᠪᠯᠡᠷᠡᠭᠦᠯᠦᠨ ᠪᠠᠶᠢᠷᠢᠯᠠᠭᠤᠯᠵᠤ᠂ ᠡᠯ᠎ᠡ ᠠᠶᠢᠮᠠᠭ ᠬᠤᠲᠠ ᠨᠢ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠨᠡᠪᠳᠡᠷᠡᠯᠴᠡᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠮᠵᠢᠯᠴᠠᠭ᠎ᠠ ᠲᠤᠤᠷ᠎ᠠ᠂ ︽ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ ᠬᠤᠰᠢᠭᠤ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠶᠦᠨ ᠰᠢᠨ ᠤᠷᠴᠢᠨ ᠲᠣᠭᠤᠷᠢᠨ ᠢ ᠰᠤᠷᠪᠤᠯᠵᠢᠯᠠᠬᠤ ᠲᠣᠤᠷ ᠰᠦᠯᠵᠢᠶ᠎ᠡ ᠶᠢᠨ ᠲᠣᠬᠢᠷᠠᠭᠤᠯᠤᠯᠲᠠ ᠶᠢᠨ ᠲᠥᠰᠦᠯ︾ ︵ᠳᠠᠭᠠᠯᠳᠤᠭᠤᠯᠤᠯ ᠲᠤ ᠦᠵᠡ︶ ᠶᠣᠰᠣᠭᠠᠷ ᠰᠦᠯᠵᠢᠶ᠎ᠡ ᠪᠠᠷ ᠬᠤᠯᠪᠣᠭᠠᠯᠠᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠠᠶᠢᠮᠠᠭ ᠬᠤᠲᠠ ᠬᠤᠰᠢᠭᠤ ᠰᠢᠶᠠᠨ ᠲᠣᠭᠤᠷᠢᠭ ᠬᠢᠭᠡᠳ ᠥᠪᠡᠷᠲᠡᠭᠡᠨ ᠵᠠᠰᠠᠬᠤ ᠣᠷᠣᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠡᠯ᠎ᠡ ᠠᠶᠢᠮᠠᠭ ᠬᠤᠲᠠ ᠨᠤᠭᠤᠳ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠲᠣᠤᠷ ᠰᠦᠯᠵᠢᠶ᠎ᠡ ᠶᠢ ᠬᠤᠯᠪᠣᠭᠠᠯᠠᠨ  ᠲᠤᠬᠢᠷᠠᠭᠤᠯᠬᠤ ᠠᠵᠢᠯ ᠢ ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠤᠨ ᠬᠤᠶᠠᠷ ᠢ ᠲᠣᠭᠲᠠᠭᠠᠬᠤ ᠪᠠᠶᠢᠭᠤᠯᠤᠮᠵᠢ ᠪᠤᠯᠤᠨ ᠡᠯ᠎ᠡ ᠱᠠᠲᠤᠨ ᠤ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠤᠯᠪᠣᠭᠠᠯᠠᠨ ᠰᠢᠯᠭᠠᠬᠤ ᠶᠢ ᠪᠡᠶᠡᠯᠡᠭᠦᠯᠬᠦ ᠶᠢ ᠡᠷᠬᠡᠪᠰᠢ ᠦᠨᠡᠨᠬᠦ ᠪᠠᠲᠤᠯᠠᠬᠤ ᠬᠡᠷᠡᠭᠲᠡᠶ᠃      ᠡᠯ᠎ᠡ ᠠᠶᠢᠮᠠᠭ ᠬᠤᠲᠠ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠰᠣᠷᠢᠯᠲᠠ ᠶᠢᠨ ᠠᠵᠢᠯ ᠢᠶᠠᠨ ᠲᠠᠭᠤᠰᠬᠠᠬᠤ ᠬᠡᠷᠡᠭᠲᠡᠶ᠃             ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠬᠠᠷᠢᠯᠴᠠᠬᠤ ᠬᠥᠮᠦᠨ᠄ ᠶᠤᠸᠠᠢ ᠹᠧᠩ   0471 — 6908630      ᠬᠠᠮᠲᠤᠷᠠᠭᠰᠠᠨ ᠬᠤᠯᠪᠣᠭ᠎ᠠ ᠺᠣᠮᠫᠠᠨᠢ ᠶᠢᠨ ᠬᠠᠷᠢᠯᠴᠠᠬᠤ ᠬᠥᠮᠦᠨ᠄ ᠯᠢᠦ ᠫᠧᠩ ᠹᠸᠢ  18366183473      ᠯᠢᠶᠠᠨ ᠳ᠋ᠧ ᠺᠣᠮᠫᠠᠨᠢ ᠶᠢᠨ ᠬᠠᠷᠢᠯᠴᠠᠬᠤ ᠬᠥᠮᠦᠨ᠄   ᠸᠧᠶ ᠴᠧᠨ 18947132567      ᠳ᠋ᠦᠩ ᠷᠤᠸᠠᠨ ᠺᠣᠮᠫᠠᠨᠢ ᠶᠢᠨ ᠬᠠᠷᠢᠯᠴᠠᠬᠤ ᠬᠥᠮᠦᠨ᠄  ᠵᠧᠤ ᠬᠤ᠋ 18604887060               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                                                     2020 ᠣᠨ ᠤ 7 ᠰᠠᠷ᠎ᠠ ᠶᠢᠨ 9 ᠤ ᠡᠳᠦᠷ
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号