ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠣᠳᠣᠬᠤ ᠲᠤᠬᠠᠶᠢᠯᠠᠭᠰᠠᠨ ᠠᠵᠢᠯ ᠤᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠥᠬᠦᠪᠥᠷᠢ ᠮᠡᠳᠡᠭᠳᠡᠯ
ᠨᠡᠶᠢᠲᠡᠯᠡᠭᠰᠡᠨ ᠴᠠᠭ᠄
2020/12/11
                   ᠥᠪᠥᠷ ᠡᠮᠴᠢᠯᠡᠭᠡ ᠪᠠᠲᠤᠯᠠᠭ᠎ᠠ ᠠᠯᠪᠠᠨ ᠬᠡᠷ ︹ 2020 ︺ 61 ᠳ᠋ᠦ᠋ᠭᠡᠷ ᠲᠣᠭᠠᠲᠤᠡᠯ᠎ᠡ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠦᠢᠯᠡᠴᠢᠯᠡᠭᠡᠨ ᠤ ᠲᠥᠪ᠄      ᠮᠠᠨ ᠤ ᠣᠷᠣᠨ ᠤ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ  ᠪᠠᠲᠤᠯᠠᠭ᠎ᠠ ᠶᠢᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠡᠵᠡᠮᠳᠡᠯ ᠳᠣᠤᠷ᠎ᠠ ᠤᠷᠢᠳᠴᠢᠯᠠᠨ ᠰᠠᠯᠭᠠᠨ ᠥᠭᠬᠦ ᠵᠢᠴᠢ ᠰᠢᠭᠤᠳ ᠳ᠋ᠦᠩᠨᠡᠨ ᠪᠣᠳᠣᠬᠤ ᠵᠠᠭᠪᠤᠷ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠵᠤ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠪᠠᠷᠠᠭ᠎ᠠ ᠶᠢᠨ ᠵᠣᠭᠤᠰ ᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠨᠢᠭᠡᠳᠦᠯᠲᠡᠶ ᠲᠥᠪᠯᠡᠷᠡᠭᠦᠯᠦᠨ ᠥᠭᠬᠦ ᠶᠢ ᠦᠨᠡᠨᠬᠦ ᠪᠠᠲᠤᠯᠠᠵᠤ᠂ ᠦᠢᠯᠡᠳᠦᠯᠭᠡ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠲᠠ᠂ ᠰᠣᠳᠤᠯᠬᠤ ᠪᠠᠷ ᠳᠠᠮᠵᠢᠨ  ᠡᠳᠦᠭᠡ ᠬᠠᠮᠢᠶ᠎ᠠ ᠪᠦᠬᠦᠢ ᠠᠵᠢᠯ ᠤᠨ ᠨᠥᠬᠦᠪᠥᠷᠢ ᠮᠡᠳᠡᠭᠳᠡᠯ ᠢ ᠳᠣᠤᠷᠠᠬᠢ ᠮᠡᠲᠦ ᠮᠡᠳᠡᠭᠳᠡᠶ᠎ᠡ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠳᠦᠭᠡᠢ᠃      ᠨᠢᠭᠡ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠤᠷᠢᠳᠴᠢᠯᠠᠨ ᠰᠠᠯᠭᠠᠨ ᠥᠭᠬᠦ ᠭᠤᠭᠴᠤᠭ᠎ᠠ      ︵ᠨᠢᠭᠡ︶ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠲᠥᠪᠯᠡᠷᠡᠭᠦᠯᠦᠨ ᠴᠤᠭᠯᠠᠭᠤᠯᠬᠤ ᠠᠵᠢᠯ ᠢ ᠪᠦᠯᠦᠭ ᠬᠤᠪᠢᠶᠠᠨ ᠲᠥᠷᠦᠯ ᠬᠤᠪᠢᠶᠠᠨ ᠥᠷᠨᠢᠭᠦᠯᠵᠦ᠂ ᠤᠳᠠᠭ᠎ᠠ ᠪᠦᠷᠢ ᠬᠤᠳᠠᠯᠳᠤᠨ ᠠᠪᠬᠤ ᠠᠵᠢᠯ ᠢ ᠡᠬᠢᠯᠡᠭᠦᠯᠬᠦ ᠦᠶ᠎ᠡ ᠳᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠴᠡᠳᠭᠡᠬᠦ  ᠪᠠᠶᠢᠭᠤᠯᠤᠮᠵᠢ ᠨᠢ ᠲᠣᠰ ᠰᠠᠷ᠎ᠠ ᠳᠤ ᠲᠣᠰ ᠤᠯᠠᠷᠢᠯ ᠤᠨ ᠪᠠᠷᠠᠭ᠎ᠠ ᠶᠢᠨ ᠵᠣᠭᠤᠰ ᠢ ᠤᠷᠢᠳᠴᠢᠯᠠᠨ ᠰᠠᠯᠭᠠᠨ ᠥᠭᠬᠦ ᠶᠢ ᠡᠬᠢᠯᠡᠭᠦᠯᠵᠦ᠂ ᠵᠠᠯᠭᠠᠭᠠᠳ ᠨᠢᠭᠡᠨᠲᠡ ᠥᠷᠨᠢᠭᠦᠯᠦᠭᠰᠡᠨ ᠪᠤᠰᠤᠳ ᠪᠦᠯᠦᠭ ᠤᠳᠠᠭ᠎ᠠ ᠲᠠᠢ ᠨᠡᠶᠢᠯᠡᠭᠦᠯᠦᠨ ᠤᠯᠠᠷᠢᠯ ᠢᠶᠠᠷ ᠤᠷᠢᠳᠴᠢᠯᠠᠨ ᠰᠠᠯᠭᠠᠨ ᠥᠭᠬᠦ ᠬᠡᠷᠡᠭᠲᠡᠶ᠃      ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠠᠩᠭᠠᠯᠭ᠎ᠠ ᠶᠢ ᠪᠠᠲᠤᠯᠠᠵᠤ᠂ ᠴᠠᠭ ᠲᠤᠬᠠᠶ ᠳᠤᠨᠢ ᠠᠵᠤ ᠠᠬᠤᠶᠢᠯᠠᠯ ᠳᠤ ᠵᠣᠭᠤᠰ ᠪᠤᠴᠠᠭᠠᠬᠤ ᠶᠢᠨ ᠲᠤᠰᠠᠲᠠ᠂ ᠡᠮᠴᠢᠯᠡᠭᠡᠨ ᠤ ᠪᠠᠶᠢᠭᠤᠯᠤᠮᠵᠢ ᠨᠢ ᠬᠤᠳᠠᠯᠳᠤᠨ ᠠᠪᠬᠤ ᠬᠡᠮᠵᠢᠶ᠎ᠡ ᠪᠠᠨ ᠤᠯᠠᠷᠢᠯ ᠢᠶᠠᠷ ᠭᠤᠶᠤᠴᠢᠯᠠᠵᠤ ᠪᠣᠯᠤᠨ᠎ᠠ᠂ ᠬᠤᠳᠠᠯᠳᠤᠨ ᠠᠪᠬᠤ ᠬᠡᠮᠵᠢᠶ᠎ᠡ ᠶᠢ ᠨᠡᠮᠡᠭᠰᠡᠨ ᠪᠠᠷᠠᠭ᠎ᠠ ᠶᠢᠨ ᠵᠣᠭᠤᠰ ᠢ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢ ᠭᠠᠷᠲᠠᠨ ᠬᠦᠢᠴᠡᠳᠭᠡᠬᠦ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠤᠯᠤᠭᠰᠠᠨ ᠤ ᠲᠠᠷᠠᠭ᠎ᠠ ᠤᠤᠯ ᠤᠨ ᠲᠣᠭᠲᠠᠭᠰᠠᠨ ᠬᠡᠮᠵᠢᠶᠡᠨ ᠤ ᠤᠯᠠᠷᠢᠯ ᠤᠨ ᠪᠠᠷᠠᠭ᠎ᠠ ᠶᠢᠨ ᠵᠣᠭᠤᠰ ᠲᠤ ᠨᠡᠶᠢᠯᠡᠭᠦᠯᠦᠨ ᠤᠷᠢᠳᠴᠢᠯᠠᠨ ᠰᠠᠯᠭᠠᠨ ᠥᠭᠬᠦ ᠬᠡᠷᠡᠭᠲᠡᠶ᠃      ︵ᠭᠤᠷᠪᠠ︶ ᠡᠮᠴᠢᠯᠡᠭᠡᠨ ᠤ ᠪᠠᠶᠢᠭᠤᠯᠤᠮᠵᠢ ᠡᠷᠬᠡᠪᠰᠢ ᠤᠷᠢᠳᠴᠢᠯᠠᠨ ᠰᠠᠯᠭᠠᠨ ᠥᠭᠬᠦ ᠪᠠᠷᠠᠭ᠎ᠠ ᠶᠢᠨ ᠵᠣᠭᠤᠰ ᠤᠨ ᠲᠤᠭ᠎ᠠ ᠬᠡᠮᠵᠢᠶᠡᠨ ᠳᠣᠲᠣᠷ᠎ᠠ ᠬᠤᠳᠠᠯᠳᠤᠨ ᠠᠪᠬᠤ ᠠᠵᠢᠯ ᠢ ᠥᠷᠨᠢᠭᠦᠯᠵᠦ᠂ ᠲᠤᠭ᠎ᠠ ᠬᠡᠮᠵᠢᠶ᠎ᠡ ᠨᠢ ᠬᠦᠷᠦᠯᠴᠡᠬᠦ ᠦᠭᠡᠢ ᠪᠣᠯ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠡᠷᠡᠭᠴᠡᠭᠡ ᠶᠢ ᠨᠥᠯᠥᠭᠡᠯᠡᠬᠦ ᠠᠴᠠ ᠵᠠᠶᠢᠯᠠᠰᠬᠢᠬᠦ ᠶᠢᠨ ᠲᠥᠯᠥᠭᠡ᠂ ᠡᠮᠴᠢᠯᠡᠭᠡᠨ ᠤ ᠪᠠᠶᠢᠭᠤᠯᠤᠮᠵᠢ ᠪᠣᠳᠠᠲᠤ ᠬᠡᠷᠡᠭᠴᠡᠭᠡ ᠶᠢ ᠦᠨᠳᠦᠰᠦᠯᠡᠨ᠂ ᠰᠠᠷ᠎ᠠ ᠶᠢᠨ ᠳᠤᠮᠳᠠᠴᠢ ᠪᠠᠷᠠᠭ᠎ᠠ ᠶᠢᠨ ᠵᠣᠭᠤᠰ ᠢᠶᠠᠷ ᠯᠠᠪᠯᠠᠯᠲᠠ ᠪᠣᠯᠭᠠᠵᠤ ᠤᠷᠢᠳᠴᠢᠯᠠᠨ ᠥᠭᠬᠦ ᠵᠣᠭᠤᠰ ᠤᠨ ᠲᠤᠭ᠎ᠠ ᠶᠢ ᠲᠥᠰᠦᠭᠡᠯᠡᠨ ᠪᠣᠳᠣᠵᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ  ᠪᠠᠲᠤᠯᠠᠭ᠎ᠠ ᠶᠢᠨ ᠭᠠᠷᠲᠠᠨ ᠭᠦᠢᠴᠡᠳᠭᠡᠬᠦ  ᠪᠠᠶᠢᠭᠤᠯᠤᠮᠵᠢ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠤᠯᠠᠷᠢᠯ ᠤᠨ ᠪᠠᠷᠠᠭ᠎ᠠ ᠶᠢᠨ ᠵᠣᠭᠤᠰ ᠯᠤᠭ᠎ᠠ ᠨᠡᠶᠢᠯᠡᠭᠦᠯᠦᠨ ᠰᠠᠯᠭᠠᠨ ᠥᠭᠬᠦ ᠬᠡᠷᠡᠭᠲᠡᠶ᠃      ᠬᠤᠶᠠᠷ᠂ ᠪᠠᠷᠠᠭ᠎ᠠ ᠬᠤᠳᠠᠯᠳᠤᠨ ᠠᠪᠬᠤ ᠵᠣᠭᠤᠰ ᠥᠭᠬᠦ ᠭᠤᠭᠴᠤᠭ᠎ᠠ      ᠰᠣᠩᠭᠤᠭᠳᠠᠭᠰᠠᠨ ᠡᠮ ᠤᠨ ᠵᠦᠢᠯ ᠢ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ ᠰᠢᠰᠲ᠋ᠧᠮ ᠨᠢ ᠥᠪᠡᠷᠲᠡᠭᠡᠨ ᠳ᠋ᠦᠩᠨᠡᠨ ᠪᠣᠳᠣᠬᠤ ᠬᠠᠭᠤᠳᠠᠰᠤ ᠭᠠᠷᠭᠠᠵᠤ᠂ ᠡᠮᠴᠢᠯᠡᠭᠡᠨ ᠤ ᠪᠠᠶᠢᠭᠤᠯᠤᠮᠵᠢ 15 ᠡᠳᠦᠷ ᠤᠨ ᠳᠣᠲᠣᠷ᠎ᠠ ᠡᠳ᠋ ᠤᠨ ᠶᠠᠪᠤᠳᠠᠯ ᠤᠨ ᠲᠠᠮᠠᠭ᠎ᠠ ᠪᠠ ᠬᠠᠤᠯᠢ ᠶᠢᠨ ᠡᠷᠬᠡᠳᠡᠨ ᠤ ᠲᠠᠮᠠᠭ᠎ᠠ ᠳᠤ ᠭᠠᠷ ᠤᠨ ᠥᠰᠥᠭ ᠵᠢᠷᠤᠵᠤ ᠲᠠᠮᠠᠭ᠎ᠠ ᠪᠠᠨ ᠳᠠᠷᠤᠵᠤ᠂ ᠲᠣᠭᠲᠠᠭᠰᠠᠨ ᠬᠤᠭᠤᠴᠠᠭᠠᠨ ᠳᠤ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠥᠬᠡᠶ ᠰᠢᠰᠲ᠋ᠧᠮ ᠨᠢ ᠥᠪᠡᠰᠦᠪᠡᠨ ᠳ᠋ᠦᠩᠨᠡᠨ ᠪᠤᠳᠤᠯᠲᠠ ᠳᠤ ᠣᠷᠣᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠡᠮ ᠤᠨ ᠮᠠᠲ᠋ᠧᠷᠢᠶᠠᠯ ᠴᠤᠭᠯᠠᠭᠤᠯᠬᠤ ᠲᠥᠪ ᠨᠢ ᠰᠣᠩᠭᠤᠭᠳᠠᠭᠰᠠᠨ ᠡᠮ ᠤᠨ ᠵᠦᠢᠯ ᠢ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠵᠣᠭᠤᠰ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ᠂ ᠫᠢᠶᠣᠣ ᠪᠠᠷᠢᠮᠲᠠ ᠵᠢᠴᠢ ᠳᠠᠩᠰᠠ ᠶᠢ ᠰᠢᠢᠳᠪᠦᠷᠢᠯᠡᠬᠦ ᠭᠤᠭᠴᠤᠭ᠎ᠠ      ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠴᠤ ᠳ᠋ᠦᠩᠨᠡᠨ ᠪᠣᠳᠣᠬᠤ ᠰᠢᠰᠲ᠋ᠧᠮ ᠨᠢ ᠫᠢᠶᠣᠣ ᠪᠠᠷᠢᠮᠲᠠ ᠶᠢᠨ ᠬᠠᠮᠢᠶᠠᠷᠤᠯᠲᠠ ᠶᠢᠨ ᠴᠢᠳᠠᠮᠵᠢ ᠶᠢ ᠨᠡᠮᠡᠭᠳᠡᠭᠦᠯᠵᠦ᠂ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠨᠢ ᠪᠠᠩᠬᠢ ᠶᠢᠨ ᠭᠠᠷᠭᠠᠭᠰᠠᠨ ︽ᠨᠢᠭᠡᠳᠦᠯᠲᠡᠶ ᠲᠥᠯᠥᠪᠯᠡᠬᠦ ᠣᠷᠣᠨ ᠤ ᠤᠷᠢᠳᠴᠢᠯᠠᠨ ᠥᠭᠭᠦᠭᠰᠡᠨ ᠵᠣᠭᠤᠰ ᠢ ᠳᠠᠩᠰᠠᠨ ᠳᠤ ᠤᠷᠤᠭᠤᠯᠬᠤ ᠮᠡᠳᠡᠭᠳᠡᠯ ᠤᠨ ᠪᠢᠴᠢᠭ︾ ᠢ ᠪᠠᠭᠤᠯᠭᠠᠨ ᠠᠪᠴᠤ ᠪᠣᠯᠤᠨ᠎ᠠ᠂ ᠡᠮᠴᠢᠯᠡᠭᠡᠨ ᠤ ᠪᠠᠶᠢᠭᠤᠯᠤᠮᠵᠢ ᠨᠢ ᠪᠠᠩᠬᠢ ᠶᠢᠨ ᠭᠠᠷᠭᠠᠭᠰᠠᠨ ︽ᠨᠢᠭᠡᠳᠦᠯᠲᠡᠶ ᠲᠥᠯᠥᠪᠯᠡᠬᠦ ᠣᠷᠣᠨ ᠤ ᠤᠷᠢᠳᠴᠢᠯᠠᠨ ᠥᠭᠭᠦᠭᠰᠡᠨ ᠵᠣᠭᠤᠰ ᠢ ᠳᠠᠩᠰᠠᠨ ᠳᠤ ᠤᠷᠤᠭᠤᠯᠬᠤ ᠮᠡᠳᠡᠭᠳᠡᠯ ᠤᠨ ᠪᠢᠴᠢᠭ︾ ᠂ ︽ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠵᠣᠭᠤᠰ ᠦᠭᠬᠦ ᠬᠠᠷᠢᠭᠤ ᠬᠠᠭᠤᠳᠠᠰᠤ︾ ᠵᠢᠴᠢ ︽ᠡᠮᠴᠢᠯᠡᠭᠡᠨ ᠤ ᠪᠠᠶᠢᠭᠤᠯᠤᠮᠵᠢ ᠶᠢᠨ ᠳᠠᠩᠰᠠ ᠳᠡᠪᠲᠡᠷ ᠤᠨ ᠬᠦᠦ ᠮᠥᠩᠭᠦ ᠶᠢᠨ ᠬᠠᠷᠢᠭᠤ ᠬᠠᠭᠤᠳᠠᠰᠤ︾ ᠶᠢ ᠪᠠᠭᠤᠯᠭᠠᠨ ᠠᠪᠴᠤ ᠪᠣᠯᠤᠨ᠎ᠠ᠃ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠪᠠᠩᠬᠢ ᠶᠢᠨ ᠭᠠᠷᠭᠠᠭᠰᠠᠨ ︽ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠵᠣᠭᠤᠰ ᠲᠤᠰᠢᠶᠠᠭᠰᠠᠨ ᠬᠠᠷᠢᠭᠤ ᠬᠠᠭᠤᠳᠠᠰᠤ ︾ ᠶᠢ ᠪᠠᠭᠤᠯᠭᠠᠨ ᠠᠪᠴᠤ ᠲᠣᠰ ᠲᠣᠰ ᠵᠤᠬᠢᠴᠠᠩᠭᠤᠢ ᠳᠠᠩᠰᠠ ᠬᠠᠷ᠎ᠠ ᠶᠢ ᠰᠢᠢᠳᠪᠦᠷᠢᠯᠡᠵᠦ ᠪᠣᠯᠤᠨ᠎ᠠ᠃               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ                                                 2020 ᠣᠨ ᠤ 7 ᠰᠠᠷ᠎ᠠ ᠶᠢᠨ 27 ᠤ ᠡᠳᠦᠷ
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号