ᠮᠠᠨ ᠤ ᠤᠷᠤᠨ ᠤ ᠠᠩᠬᠠᠲᠠᠭᠴᠢ ᠬᠦᠯᠤᠰᠤᠨ ᠮᠠᠯᠴᠢᠨ ᠲᠠᠷᠢᠶᠠᠴᠢᠨ ᠤ ᠮᠦᠡᠭᠬᠦᠨ ᠬᠦᠢᠯᠬᠡᠬᠡᠨ ᠤ ᠦᠢᠯᠠᠴᠢᠯᠡᠬᠡᠨ ᠤ ᠲᠦᠪ ᠬᠦᠬᠡᠬᠤᠳᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020/12/11
     ᠥᠪᠥᠷ ᠮᠣᠩᠭᠤᠯ ᠤᠨ ᠡᠳᠦᠷ ᠤᠨ ᠰᠣᠨᠢᠨ ᠤ ᠮᠠᠲᠡᠭᠡ ︵ᠰᠤᠷᠪᠤᠯᠵᠢᠯᠠᠭᠴᠢ ᠪᠤᠤ ᠢᠦᠢ ᠶᠢᠩ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠡᠴᠤᠰ ᠤᠨ ᠨᠢᠭᠡ ᠺᠢᠯᠣᠮᠧᠲᠷ︾ ᠢ ᠨᠠᠪᠲᠠᠷᠠᠬᠦᠯᠵᠤ᠂ ᠬᠥᠯᠥᠰᠦᠨ ᠮᠠᠯᠴᠢᠨ ᠲᠠᠷᠢᠶᠠᠴᠢᠨ ᠤ ︽ᠬᠠᠵᠠᠭᠤᠲᠠᠬᠢ ᠪᠠᠩᠬᠢ︾ ︽ᠦᠪᠠᠷ ᠤᠨ ᠬᠢᠨᠢ ᠪᠠᠩᠬᠢ︾ ᠶᠢ ᠡᠭᠦᠳᠦᠨ ᠪᠠᠶᠢᠭᠤᠯᠬᠤ ᠶᠢᠨ ᠲᠦᠯᠤᠬᠡ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠬᠦᠲᠡᠭᠡ ᠲᠣᠰᠬᠤᠨ ᠤ ᠬᠤᠳᠠᠯᠳᠤᠭᠠᠨ ᠤ ᠪᠠᠩᠬᠢ ᠲᠠᠢ ᠬᠠᠮᠲᠤᠷᠠᠨ ᠬᠦᠬᠡᠬᠤᠲᠠ ᠶᠢᠨ ᠬᠥᠯᠥᠰᠦᠨ ᠮᠠᠯᠴᠢᠨ ᠲᠠᠷᠢᠶᠠᠴᠢᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠢ ᠡᠭᠦᠰᠬᠡᠨ ᠪᠠᠶᠢᠭᠤᠯᠵᠤ᠂ ᠲᠦᠷᠦᠭᠦᠬᠡᠨ ᠫᠠᠶᠢᠰᠠ ᠡᠯᠭᠦᠨ ᠠᠵᠢᠯ ᠢᠶᠠᠨ ᠡᠬᠢᠯᠡᠭᠦᠯᠪᠡ᠃ ᠡᠨᠡ ᠪᠤᠯ ᠮᠠᠨ ᠤ ᠣᠷᠣᠨ ᠤ ᠠᠩᠬᠠᠳᠠᠭᠴᠢ ᠲᠤᠰᠬᠠᠶᠢᠯᠠᠨ ᠬᠤᠲᠠ ᠣᠷᠣᠭᠰᠠᠨ ᠬᠥᠯᠥᠰᠦᠨ ᠮᠠᠯᠴᠢᠨ ᠲᠠᠷᠢᠶᠠᠴᠢᠨ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ᠎ᠠ᠃      ᠣᠳᠣᠬᠠᠨ ᠳᠤ ᠬᠥᠬᠡᠬᠤᠲᠠ ᠳᠤ ᠪᠠᠶᠢᠭ᠎ᠠ ᠬᠤᠲᠠ ᠣᠷᠣᠭᠰᠠᠨ ᠬᠥᠯᠥᠰᠦᠨ ᠮᠠᠯᠴᠢᠨ ᠲᠠᠷᠢᠶᠠᠴᠢᠨ ᠨᠢᠭᠡᠨᠲᠡ 30 ᠲᠦᠮᠠ ᠶᠢ ᠲᠠᠪᠠᠵᠤ᠂ ᠤᠯᠠᠩᠬᠢ ᠨᠢ ᠣᠶᠢᠷ᠎ᠠ ᠬᠠᠪᠢ ᠶᠢᠨ ᠠᠶᠢᠮᠠᠬ ᠬᠤᠲᠠ ᠶᠢᠨ ᠮᠠᠯᠴᠢᠨ ᠲᠠᠷᠢᠶᠠᠴᠢᠨ ᠪᠣᠯᠣᠨ᠎ᠠ᠃ ᠣᠶᠢᠯᠠᠭᠠᠭᠰᠠᠨ ᠢᠶᠠᠷ᠂ ᠶᠢᠨ ᠭᠦ᠋ ᠬᠦᠲᠡᠭᠡ ᠲᠣᠰᠬᠤᠨ ᠤ ᠬᠤᠳᠠᠯᠳᠤᠭᠠᠨ ᠤ ᠪᠠᠩᠬᠢ ᠡᠨᠡ ᠵᠢᠯ ᠤᠨ ᠰᠡᠬᠦᠯᠴᠢ ᠪᠣᠯᠲᠠᠯ᠎ᠠ 5000 ᠬᠥᠯᠥᠰᠦᠨ ᠮᠠᠯᠴᠢᠨ ᠲᠠᠷᠢᠶᠠᠴᠢᠨ ᠳᠤ ᠢᠲᠡᠭᠡᠮᠵᠢᠲᠦ ᠵᠢᠬᠡᠯᠡᠯᠬᠡ ᠤᠯᠭᠤᠵᠣ᠂ ᠨᠡᠶᠢᠳᠡ 8 ᠳ᠋ᠦᠡᠭᠰᠢᠭᠤᠷ ᠲᠦᠭᠦᠷᠢᠭ ᠤᠨ ᠵᠢᠬᠡᠯᠡᠯᠬᠡ ᠲᠠᠷᠬᠠᠭᠠᠬᠤ ᠪᠠᠷ ᠲᠦᠯᠤᠪᠯᠡᠵᠤ ᠪᠠᠶᠢᠨ᠎ᠠ᠃ ᠬᠥᠬᠡᠬᠤᠲᠠ ᠶᠢᠨ ᠬᠥᠯᠥᠰᠦᠨ ᠮᠠᠯᠴᠢᠨ ᠲᠠᠷᠢᠶᠠᠴᠢᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠪ ᠨᠢ ᠠᠲᠠᠯᠢ ᠪᠤᠰᠤ ᠨᠠᠰᠤᠨ ᠤ ᠬᠥᠯᠥᠰᠦᠨ ᠮᠠᠯᠴᠢᠨ ᠲᠠᠷᠢᠶᠠᠴᠢᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠭᠤᠷᠪᠠᠨ ᠵᠦᠢᠯ ᠤᠨ ᠲᠤᠰᠬᠠᠢ ᠲᠦᠷᠦᠯ ᠤᠨ ᠢᠲᠠᠬᠡᠮᠵᠢᠲᠤ ᠵᠢᠬᠡᠯᠡᠯᠬᠡ ᠶᠢᠨ ᠪᠦᠲᠦᠭᠡᠭᠳᠡᠬᠦᠨ ᠭᠠᠷᠭᠠᠵᠤ᠂ ᠬᠤᠲᠠ ᠣᠷᠣᠭᠰᠠᠨ ᠬᠥᠯᠥᠰᠦᠨ ᠮᠠᠯᠴᠢᠨ ᠲᠠᠷᠢᠶᠠᠴᠢᠨ ᠤ ᠭᠡᠷ ᠪᠠᠶᠢᠰᠢᠩ ᠲᠦᠷᠢᠶᠠᠰᠤᠯᠡᠬᠦ ᠬᠡᠷ ᠪᠠᠶᠢᠰᠢᠩ ᠬᠤᠳᠠᠯᠳᠤᠨ ᠠᠪᠬᠤ᠂ ᠦᠢᠯᠡᠳᠪᠤᠷᠢᠯᠠᠯ ᠠᠮᠢᠲᠤᠷᠠᠯ᠂ ᠦᠷ᠎ᠡ ᠬᠡᠤᠬᠡᠳ ᠢᠶᠠᠨ ᠰᠤᠷᠭᠠᠭᠤᠯᠢ ᠳᠤ ᠰᠠᠭᠤᠯᠭᠠᠬᠤ ᠵᠡᠷᠬᠡ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ ᠪᠣᠯᠣᠨ᠎ᠠ᠃      ︽ᠬᠥᠬᠡᠬᠤᠲᠠ ᠶᠢᠨ ᠬᠥᠯᠥᠰᠦᠨ ᠮᠠᠯᠴᠢᠨ ᠲᠠᠷᠢᠶᠠᠴᠢᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠠᠴᠠ ᠬᠤᠳᠠ ᠣᠷᠣᠭᠰᠠᠨ ᠮᠠᠯᠴᠢᠨ ᠲᠠᠷᠢᠶᠠᠴᠢᠨ ᠪᠢᠳᠠᠨ ᠳᠤ ︿ᠥᠪᠡᠷ ᠤᠨ ᠪᠠᠩᠬᠢ﹀ ᠲᠠᠢ ᠪᠣᠯᠣᠯ᠎ᠠ᠂ ᠮᠠᠨ ᠤ ᠬᠥᠯᠥᠰᠦᠨ ᠮᠠᠯᠴᠢᠨ ᠲᠠᠷᠢᠶᠠᠴᠢᠳ ᠪᠡᠶ᠎ᠡ ᠪᠠᠨ ᠳᠠᠭᠠᠭᠠᠵᠣ ᠦᠢᠯᠡᠰ ᠪᠤᠰᠬᠠᠬᠤ᠂ ᠬᠡᠷ ᠪᠠᠶᠢᠰᠢᠩ ᠬᠤᠳᠠᠯᠳᠤᠨ ᠠᠪᠬᠤ ᠵᠢᠬᠡᠯᠡᠯᠬᠡ ᠠᠪᠬᠤ ᠳᠤ ᠶᠡᠭᠡ ᠲᠦᠬᠦᠮ ᠪᠣᠯᠣᠭᠰᠠᠨ︾ ᠬᠡᠵᠤ ᠲᠦᠷᠪᠠᠳ ᠬᠤᠰᠢᠭᠤᠨ ᠳᠤ ᠨᠤᠲᠤᠭ ᠲᠠᠢ ᠬᠦᠬᠡᠬᠤᠲᠠ ᠳᠤ ᠬᠥᠯᠥᠰᠦᠨ ᠠᠵᠢᠯ ᠬᠢᠵᠤ ᠪᠠᠶᠢᠭ᠎ᠠ ᠲᠠᠷᠢᠶᠠᠴᠢᠨ ᠶᠤᠤ ᠶᠢᠤ ᠸᠠᠩ ᠪᠠᠶᠠᠷᠲᠠᠢ ᠬᠡᠯᠡᠨ᠎ᠡ᠃ ᠬᠥᠬᠡᠬᠤᠲᠠ ᠶᠢᠨ ᠬᠥᠯᠥᠰᠦᠨ ᠮᠠᠯᠴᠢᠨ ᠲᠠᠷᠢᠶᠠᠴᠢᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠲᠤᠰ ᠡᠲᠤᠷ ᠲᠡᠭᠡᠨ ᠲᠠᠷᠤᠢ 30 ᠬᠥᠯᠥᠰᠦᠨ ᠮᠠᠯᠴᠢᠨ ᠲᠠᠷᠢᠶᠠᠴᠢᠨ ᠳᠤ ᠨᠡᠶᠢᠳᠡ 607 ᠲᠦᠮᠡᠨ ᠲᠥᠭᠦᠷᠢᠭ ᠤᠨ ᠵᠢᠭᠡᠯᠡᠯᠭᠡ ᠣᠯᠭᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号