ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠰᠠᠬᠢᠨ ᠪᠡᠷᠡᠯᠡᠵᠦ ᠬᠠᠷᠢᠯᠴᠠᠨ ᠬᠠᠪᠰᠤᠷᠠᠯᠴᠠᠬᠤ ᠦᠨᠳᠦᠰᠦᠲᠡᠨ ᠬᠤᠭᠤᠷᠣᠨᠳᠣ ᠪᠠᠨ ᠪᠦᠯᠬᠦᠮᠳᠡᠬᠦ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/11
     9 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠠᠭᠠᠯᠵᠠᠯ ᠤᠨ ᠪᠠᠲᠤᠯᠠᠭ᠎ᠠ ᠶᠢᠨ ᠭᠠᠵᠠᠷ᠂ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ᠂ ᠡᠮ ᠡᠮᠨᠡᠯᠭᠡ ᠶᠢᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ᠂ ᠲᠦᠯᠦᠪᠯᠡᠯᠭᠡᠳᠦ ᠡᠳ᠋ ᠤᠨ ᠶᠠᠪᠤᠳᠠᠯ ᠬᠢᠭᠡᠳ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠬᠠᠮᠳᠤᠷᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠦᠽᠧᠶ ᠳᠤ ᠬᠦᠷᠴᠦ ︽ᠰᠠᠬᠢᠨ ᠪᠠᠷᠠᠯᠠᠵᠤ ᠬᠠᠷᠢᠯᠴᠠᠨ ᠬᠠᠪᠰᠤᠷᠠᠯᠴᠠᠬᠤ ᠦᠨᠳᠦᠰᠦᠲᠡᠨ ᠬᠤᠭᠤᠷᠣᠨᠳᠣ ᠪᠠᠨ ᠪᠦᠯᠬᠦᠮᠳᠡᠬᠦ︾ ᠭᠡᠬᠦ ᠭᠤᠤᠯ ᠰᠡᠳᠦᠪᠲᠦ ᠨᠠᠮ ᠡᠳᠦᠷᠯᠢᠭ ᠤᠨ ᠠᠵᠢᠯᠯᠠᠭ᠎ᠠ ᠥᠷᠨᠢᠭᠦᠯᠪᠡ᠃      ᠪᠦᠬᠦ ᠨᠠᠮ ᠤᠨ ᠭᠡᠰᠢᠭᠦᠳ ᠬᠠᠮᠲᠤ ᠪᠠᠷ ︽ᠲᠡᠭᠷᠢᠯᠢᠭ ᠮᠣᠩᠭᠤᠯ︾ ᠪᠠ ︽ᠲᠠᠯ᠎ᠠ ᠨᠤᠲᠤᠭ ᠤᠨ ᠬᠥᠰᠢᠶ᠎ᠡ︾ ᠭᠡᠬᠦ ᠬᠤᠶᠠᠷ ᠦᠵᠡᠭᠦᠯᠭᠡ ᠲᠢᠩᠬᠢᠮ ᠶᠢ ᠲᠣᠭᠤᠷᠢᠨ ᠦᠵᠡᠪᠡ᠃ ︽ᠲᠡᠭᠷᠢᠯᠢᠭ ᠮᠣᠩᠭᠤᠯ︾ ᠦᠵᠡᠭᠦᠯᠭᠡ ᠶᠢᠨ ᠲᠢᠩᠬᠢᠮ ᠨᠢ ᠮᠤᠩᠭᠤᠯ ᠦᠨᠳᠦᠰᠦᠲᠡᠨ ᠤ ᠲᠠᠯ᠎ᠠ ᠨᠤᠲᠤᠭ ᠤᠨ ᠲᠣᠷᠭᠠᠨ ᠵᠠᠮ ᠤᠨ ᠨᠠᠢᠮᠠᠨ ᠵᠠᠭᠤᠨ ᠵᠢᠯ ᠤᠨ ᠲᠤᠷᠰᠢᠬᠢ ᠲᠡᠤᠬᠡᠨ ᠬᠥᠭᠵᠢᠯᠲᠡ ᠶᠢᠨ ᠠᠬᠢᠴᠠ ᠶᠢ ᠢᠯᠡᠷᠡᠭᠦᠯᠵᠦ᠂ ᠮᠣᠩᠭᠤᠯ ᠦᠨᠳᠦᠰᠦᠲᠡᠨ ᠤ ᠭᠠᠷᠮᠠᠭᠠᠢ ᠰᠣᠶᠣᠯ ᠤᠨ ᠡᠭᠦᠳᠦᠨ ᠪᠦᠲᠦᠭᠡᠯᠲᠡ ᠶᠢ ᠠᠮᠵᠢᠯᠲᠠ ᠲᠠᠢ ᠳᠡᠯᠭᠡᠨ ᠦᠵᠡᠭᠦᠯᠵᠡᠢ᠃ ︽ᠲᠠᠯ᠎ᠠ ᠨᠤᠲᠤᠭ ᠤᠨ ᠬᠥᠰᠢᠶ᠎ᠡ︾ ᠶᠢᠨ ᠦᠵᠡᠭᠦᠯᠭᠡ ᠶᠢᠨ ᠲᠢᠩᠬᠢᠮ ᠨᠢ ᠴᠠᠭ ᠤᠨ ᠳᠠᠷᠠᠭᠠᠯᠠᠯ ᠢᠶᠠᠷ ᠵᠢᠭᠰᠠᠭᠠᠯᠳᠠ ᠪᠣᠯᠭᠠᠵᠤ᠂ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢ ᠪᠦᠷᠢᠨ ᠪᠦᠲᠦᠨ ᠵᠢᠷᠤᠭᠯᠠᠵᠤ᠂ 1840 ᠣᠨ ᠠᠴᠠ 1949 ᠣᠨ ᠬᠦᠷᠳᠡᠯ᠎ᠡ ᠢᠯᠠᠩᠭᠤᠶ᠎ᠠ ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠶᠢ ᠳᠠᠬᠢᠨ   ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠯᠬᠦᠮᠳᠡᠯ ᠳᠠᠭᠠᠭᠤᠯᠭ᠎ᠠ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤᠷᠳᠤ ᠬᠤᠭᠤᠴᠠᠭ᠎ᠠ ᠪᠠᠷ ᠴᠢᠰᠤᠲᠤ ᠪᠠᠶᠢᠯᠳᠤᠭᠠᠨ ᠬᠢᠵᠦ᠂ ᠦᠨᠳᠦᠰᠦᠲᠡᠨ ᠤ ᠴᠢᠯᠥᠭᠡᠯᠡᠯᠲᠡ ᠶᠢ ᠪᠡᠶᠡᠯᠡᠭᠦᠯᠬᠦ ᠲᠡᠦᠬᠡ ᠶᠢᠨ ᠬᠠᠭᠤᠳᠠᠰᠤ ᠶᠢ ᠪᠢᠴᠢᠭᠯᠡᠵᠡᠢ᠃      ᠨᠠᠮ ᠤᠨ ᠡᠳᠦᠷᠯᠢᠭ ᠤᠨ ᠭᠤᠣᠯ ᠰᠡᠳᠦᠪᠲᠦ ᠠᠵᠢᠯᠯᠠᠭ᠎ᠠ ᠳᠤ ᠣᠷᠣᠯᠴᠠᠭᠰᠠᠨ ᠨᠠᠮ ᠤᠨ ᠭᠡᠰᠢᠭᠦᠳ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠦᠢᠯᠡᠳᠦᠯᠭᠡᠵᠢᠭᠦᠯᠵᠦ᠂ ᠰᠢᠨ᠎ᠡ ᠴᠠᠭ ᠣᠶᠶ᠎ᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠯᠭᠠᠬᠤ ᠡᠭᠦᠷᠭᠡ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠪᠠᠷ ᠦᠨᠳᠦᠰᠦᠨ ᠡᠭᠦᠷᠭᠡ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠪᠢᠳᠡᠨ ᠤ ᠡᠷᠬᠡᠪᠰᠢ ᠡᠭᠦᠷᠭᠡᠯᠡᠬᠦ ᠢᠷᠠᠭᠤ ᠠᠯᠳᠠᠷᠲᠤ ᠡᠭᠦᠷᠭᠡ ᠮᠥᠨ ᠭᠡᠵᠦ ᠢᠵᠢᠯᠢ ᠲᠠᠨᠢᠯᠳᠠ ᠲᠠᠢ ᠪᠤᠯᠪᠠ᠃      ᠲᠤᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠨᠢ ᠡᠮᠴᠢᠯᠡᠭᠡᠨ ᠤ ᠪᠠᠳᠤᠯᠠᠭ᠎ᠠ ᠶᠢᠨ ᠨᠠᠮ ᠤᠨ ᠭᠡᠰᠢᠭᠦᠨ ᠺᠠᠳᠠᠷᠴᠤᠳ ᠠᠵᠢᠯ ᠤᠨ ᠳᠤᠮᠳᠠ ᠬᠤᠰᠢᠭᠤᠴᠢ ᠪᠣᠯᠬᠤ ᠤᠷᠮ᠎ᠠ ᠶᠢ ᠤᠯᠠᠮ ᠬᠦᠭᠵᠢᠭᠡᠵᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠤᠷᠮᠠᠰᠢᠭᠤᠯᠤᠭᠰᠠᠨ ᠪᠠᠶᠢᠨ᠎ᠠ᠃ ᠤᠯᠠᠨ ᠢᠶᠠᠷ ᠢᠶᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠪᠤᠳᠠᠳᠠᠢ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ᠂ ᠰᠢᠯᠢᠳᠡᠭ ᠠᠵᠢᠯ ᠤᠨ ᠠᠮᠵᠢᠯᠲᠠ ᠪᠠᠷ ᠢᠶᠠᠨ ᠤᠯᠤᠰ ᠤᠨ ᠪᠠᠶᠠᠷ ᠲᠤ ᠪᠡᠯᠡᠭ ᠬᠦᠷᠭᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号