ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠰᠤᠷᠤᠯᠴᠠᠯᠭ᠎ᠠ ︵ᠦᠷᠭᠡᠳᠭᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/12
     2020 ᠣᠨ ᠤ 11 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2020 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠭᠦᠨᠵᠡᠭᠡᠶ ᠰᠤᠷᠤᠯᠴᠠᠨ ᠤᠶᠢᠯᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠮᠠᠨ ᠢ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭᠠᠨ ᠤ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠲᠣᠪᠴᠢᠶᠠᠨ ᠤ ᠰᠢᠰᠲ᠋ᠧᠮ ᠤᠨ ᠲᠦᠷᠪᠡᠨ ᠳᠡᠰ ᠤᠨ ᠪᠠᠶᠢᠴᠠᠭᠠᠨ ᠰᠤᠳᠤᠯᠤᠭᠴᠢᠳ ᠠᠴᠠ ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠣᠭᠤᠷᠢᠨ ᠰᠤᠨᠤᠰᠬᠤ ᠰᠤᠯᠠ ᠰᠤᠨᠤᠰᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠦᠪᠯᠡᠯ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠢ ᠾᠦᠢ ᠵᠢᠶᠦ᠋ᠨ ᠨᠥᠬᠦᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃            ᠬᠤᠷᠠᠯ ᠠᠴᠠ ᠡᠮᠦᠨ᠎ᠡ᠂ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2020 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠭᠤᠯᠭ᠎ᠠ︾ ᠵᠡᠷᠭᠡ ᠠᠭᠤᠯᠭ᠎ᠠ ᠶᠢᠨ ᠲᠣᠭᠤᠷᠢᠨ ᠳᠤ ᠥᠪᠡᠰᠦᠪᠡᠨ ᠰᠤᠷᠤᠯᠴᠠᠪᠠ᠃ ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠦ᠂ ᠰᠤᠷᠤᠯᠴᠠᠬᠤ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃       ᠶᠢᠨ ᠮᠠᠨ ᠢ ᠨᠥᠬᠦᠷ ᠰᠤᠳᠤᠯᠤᠨ ᠶᠠᠷᠢᠯᠴᠠᠬᠤ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯ ᠮᠠᠨ ᠤ ᠨᠠᠮ ᠤᠨ ︽ᠬᠤᠣᠰ ᠵᠠᠭᠤᠨ ᠵᠢᠯ︾ ᠤᠨ ᠲᠡᠦᠬᠡᠨ ᠠᠭᠤᠯᠵᠠᠷ ᠳᠡᠭᠡᠷ᠎ᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠳᠦ ᠪᠣᠳᠣᠯᠭ᠎ᠠ ᠶᠢᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ  ᠬᠦᠭᠵᠢᠯᠳᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠤᠯᠤᠨ 2005 ᠣᠨ ᠤ ᠠᠯᠤᠰ ᠤᠨ ᠬᠠᠷᠠᠯᠲᠠ ᠶᠢ ᠲᠤᠭᠳᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠪᠤᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠨᠠᠮ ᠤᠨ ᠲᠥᠪ ᠬᠤᠷᠢᠶᠠᠨ ᠤ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠭᠦᠨᠵᠡᠭᠡᠢ ᠰᠡᠳᠬᠢᠵᠦ ᠠᠯᠤᠰ ᠢ ᠪᠤᠳᠤᠬᠤ᠂ ᠴᠠᠴᠠᠷ ᠲᠤ ᠰᠠᠭᠤᠵᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠯᠳᠤᠬᠤ ᠪᠤᠳᠤᠯᠭ᠎ᠠ ᠶᠢᠨ ᠬᠠᠷᠠᠴᠠ ᠶᠢ ᠭᠦᠢᠴᠡᠳ ᠢᠯᠡᠷᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠬᠠᠩᠭᠠᠪᠠ ᠭᠡᠵᠦ ᠵᠢᠭᠠᠨ ᠭᠠᠷᠭᠠᠪᠠ᠃      ᠲᠡᠷᠡ ᠴᠢᠬᠤᠯᠠᠴᠢᠯᠠᠭᠰᠠᠨ ᠨᠢ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠳᠦ ᠰᠡᠳᠬᠢᠯᠭᠡ ᠪᠠᠨ ᠴᠢᠩᠭᠠᠳᠬᠠᠵᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠭᠤᠤᠯ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠶ᠃ ᠨᠠᠷᠢᠨ ᠨᠢᠮᠪᠠᠢ ᠵᠣᠬᠢᠶᠠᠨ ᠪᠠᠶᠢᠭᠤᠯᠵᠤ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠦᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ ᠭᠡᠪᠡ᠃      ᠵᠠᠶ ᠾᠦᠢ ᠵᠢᠶᠦ᠋ᠨ ᠨᠥᠬᠦᠷ ᠴᠢᠬᠤᠯᠠ ᠶᠠᠷᠢᠶ᠎ᠠ ᠲᠠᠯᠪᠢᠬᠤ ᠳᠠᠭᠠᠨ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠬᠦᠷᠢᠶᠡᠯᠡᠬᠦ︾ ᠶᠢ ᠪᠡᠶᠡᠯᠡᠭᠦᠯᠬᠦ ᠶᠢ ᠲᠡᠭᠡᠳᠦ ᠬᠡᠮᠵᠢᠶᠡᠨ ᠠᠴᠠ ᠪᠣᠳᠣᠯᠬᠢᠯᠠᠵᠤ᠂ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠳᠡᠢ᠃ ᠬᠤᠶᠠᠷ ᠲᠤ᠂ ᠭᠤᠣᠯᠳᠠᠯᠭ᠎ᠠ ᠪᠠᠨ ᠤᠯᠠᠮ ᠨᠢᠭᠡ ᠠᠯᠬᠤᠮ ᠳᠣᠪᠤᠶᠢᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠤᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ ᠨᠠᠷᠢᠨ ᠨᠢᠮᠪᠠᠶ ᠵᠢᠷᠤᠮᠯᠠᠨ ᠪᠠᠲᠤᠲᠠᠶ ᠦᠢᠯᠡᠳᠦᠯᠭᠡᠵᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠠᠶᠢᠲᠤᠷ ᠰᠤᠷᠤᠯᠴᠠᠨ ᠲᠤᠭᠤᠰᠢᠯᠠᠭᠤᠯᠤᠨ᠎ᠠ᠃ ᠭᠤᠷᠪᠠ ᠳᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠦᠷᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠨᠢᠭᠡᠳᠤᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠤᠷᠤᠯᠴᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠪᠡ ᠳᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠤᠨᠤᠯ ᠢ ᠪᠣᠳᠠᠲᠠᠶ ᠲᠠᠢ ᠤᠶᠠᠯᠳᠤᠭᠤᠯᠬᠤ ᠰᠢᠯᠢᠳᠡᠭ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠤᠨ ᠳᠤᠮᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号