ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ᠠᠴᠠ ᠰᠤᠷᠭᠠᠭᠤᠯᠢ ᠳᠤ ᠭᠦᠨᠵᠡᠭᠡᠶᠢᠷᠡᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳᠠᠩᠰᠠᠯᠠᠬᠤ ᠶᠠᠪᠤᠴᠠ ᠶᠢ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/12
     ᠨᠠᠩ ᠣᠯᠠᠨ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠳᠤ ᠣᠨᠳᠣᠤ ᠭᠠᠵᠠᠷ ᠲᠤ ᠡᠮᠨᠡᠭᠦᠯᠬᠦ ᠳᠠᠩᠰᠠᠯᠠᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠ ᠰᠢᠢᠳᠪᠦᠷᠢᠯᠡᠬᠦ ᠶᠠᠪᠤᠴᠠ ᠶᠢ ᠣᠶᠢᠯᠠᠭᠠᠭᠤᠯᠬᠤ ᠶᠢᠨ ᠲᠥᠯᠥᠭᠡ᠂ 11  ᠳ᠋ᠤᠭᠡᠷ ᠰᠠᠷ᠎ᠠ ᠶᠢᠨ 17 ᠤ ᠡᠳᠤᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠲᠥᠪ ᠤᠨ ᠠᠵᠢᠯᠳᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠬᠦᠷᠴᠦ ᠣᠨᠳᠣᠤ ᠭᠠᠵᠠᠷ ᠲᠤ ᠡᠮᠨᠡᠭᠦᠯᠬᠦ ᠲᠤᠬᠠᠢ ᠤᠬᠠᠭᠤᠯᠭ᠎ᠠ ᠶᠢᠨ ᠠᠵᠢᠯ ᠬᠢᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ  ᠲᠠᠯᠠᠪᠠᠢ ᠳᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠨᠳᠣᠤ ᠭᠠᠵᠠᠷ ᠲᠤ ᠡᠮᠨᠡᠭᠦᠯᠦᠭᠰᠡᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠦᠨᠵᠡᠭᠡᠶ ᠤᠬᠠᠭᠤᠯᠤᠨ ᠲᠠᠶᠢᠯᠪᠤᠷᠢᠯᠠᠪᠠ᠃ ᠥᠷᠭᠡᠨ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠮᠠᠳᠠᠭ ᠲᠠᠢ ᠠᠰᠠᠭᠤᠳᠠᠯ ᠳᠤ ᠲᠠᠶᠢᠯᠤᠮᠵᠢ ᠦᠭᠭᠦᠭᠰᠡᠨ ᠪᠠᠶᠢᠨ᠎ᠠ᠃      ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠣᠷᠳᠣ ᠬᠤᠭᠤᠴᠠᠭ᠎ᠠ ᠪᠠᠷ ᠣᠨᠳᠣᠤ ᠭᠠᠵᠠᠷ ᠲᠤ ᠳᠠᠩᠰᠠᠯᠠᠭᠤᠯᠬᠤ ᠶᠢ ᠭᠦᠢᠴᠡᠳᠭᠡᠬᠦ ᠳᠤ ᠵᠥᠪᠬᠡᠨ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠪᠠ ᠠᠵᠢᠯ ᠤᠨ ᠭᠡᠷᠡᠴᠢ ︵ᠠᠵᠢᠯ ᠠᠴᠠ ᠪᠠᠨ ᠠᠮᠠᠷᠠᠭᠰᠠᠳ ᠵᠥᠪᠬᠡᠨ ᠬᠤᠶᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ︶᠂ ᠭᠠᠳᠠᠷ ᠣᠷᠣᠨ ᠳᠤ ᠰᠢᠯᠵᠢᠭᠦᠯᠦᠨ ᠡᠮᠨᠡᠭᠦᠯᠬᠦ ᠳᠤ ᠬᠤᠶᠠᠳᠤᠭᠠᠷ ᠦᠶ᠎ᠡ ᠶᠢᠨ ᠨᠡᠶᠢᠭᠡᠮ ᠤᠨ ᠲᠠᠭᠠᠳᠬᠠᠯ ᠤᠨ ᠺᠠᠷᠲ ᠬᠡᠷᠡᠭᠰᠡᠬᠦ ᠪᠦᠭᠡᠳ ᠣᠷᠣᠨ ᠤ ᠳᠣᠲᠣᠷ᠎ᠠ᠂ ᠭᠠᠳᠠᠨᠠᠬᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠤᠶᠤ ᠡᠮᠨᠡᠯᠭᠡ ᠳᠤ ᠰᠠᠭᠤᠵᠤ ᠣᠨᠣᠰᠢᠯᠠᠭᠰᠠᠨ ᠭᠡᠷᠡᠴᠢ ᠪᠢᠴᠢᠭ ᠢ ᠬᠠᠩᠭᠠᠪᠠᠯ ᠳᠠᠷᠤᠶ ᠦᠢᠯᠡᠴᠢᠯᠡᠭᠡᠨ ᠤ  ᠴᠣᠩᠬᠤᠪᠴᠢ ᠳᠤ ᠣᠴᠢᠵᠤ ᠭᠦᠢᠴᠡᠳᠭᠡᠵᠦ᠂ ᠴᠠᠭ ᠲᠤᠬᠠᠢ ᠳᠤᠨᠢ ᠭᠦᠢᠴᠡᠳᠭᠡᠵᠦ ᠳᠠᠭᠤᠰᠬᠠᠨ᠎ᠠ᠃ ᠣᠷᠳᠣ ᠬᠤᠭᠤᠴᠠᠭ᠎ᠠ ᠪᠠᠷ ᠣᠨᠳᠣᠤ ᠭᠠᠵᠠᠷ ᠲᠤ ᠡᠮᠨᠡᠭᠦᠯᠬᠦ ᠶᠢ ᠭᠦᠢᠴᠡᠳᠭᠡᠬᠦ ᠬᠤᠭᠤᠴᠠᠭ᠎ᠠ ᠶᠢ ᠬᠠᠭᠠᠰ ᠵᠢᠯ ᠪᠠᠶᠢᠭᠰᠠᠨ ᠠᠴᠠ ᠪᠦᠬᠦᠯᠢ 3 ᠰᠠᠷ᠎ᠠ ᠪᠣᠯᠪᠠᠯ ᠳᠠᠷᠤᠶ ᠣᠨᠳᠣᠤ ᠭᠠᠵᠠᠷ ᠲᠤ ᠡᠮᠨᠡᠭᠦᠯᠬᠦ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠵᠤ ᠪᠣᠯᠤᠨ᠎ᠠ᠃ ᠡᠭᠦᠨ ᠤ ᠬᠠᠮᠲᠤ᠂ ᠠᠷᠠᠳ ᠣᠯᠠᠨ ᠳᠤ ᠲᠦᠭᠦᠮ ᠦᠵᠡᠭᠦᠯᠬᠦ ᠶᠢᠨ ᠲᠥᠯᠥᠭᠡ᠂ 12333 ᠰᠦᠯᠵᠢᠶᠡᠨ ᠲᠡᠭᠡᠷ᠎ᠡ᠂ ᠭᠠᠷ ᠤᠲᠠᠰᠤᠨ ᠤ APP ᠪᠣᠯᠤᠨ ᠸᠢᠴᠠᠲ ᠤᠨ ᠵᠢᠵᠢᠭ ᠫᠷᠤᠭ᠍ᠷᠠᠮ ᠤᠨ ᠭᠦᠢᠴᠡᠳᠭᠡᠯᠳᠡ ᠶᠢ ᠨᠡᠪᠲᠡᠷᠡᠭᠦᠯᠵᠦ᠂ ᠲᠦᠭᠦᠮ ᠲᠦᠳᠡ ᠢᠶᠠᠷ ᠳᠠᠩᠰᠠᠯᠠᠭᠤᠯᠬᠤ ᠭᠠᠷᠳᠠᠮ ᠢ ᠭᠦᠢᠴᠡᠳᠭᠡᠵᠦ ᠪᠤᠯᠤᠨ᠎ᠠ᠃      ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠨᠠᠷ ᠤᠨ ᠨᠠᠰᠤᠨ ᠤ ᠠᠮᠠᠷᠠᠯᠲᠠ ᠪᠠᠨ ᠠᠪᠤᠭᠰᠠᠨ ᠬᠠᠮᠲᠤᠯᠢᠭ ᠲᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠨᠣᠷᠮ᠎ᠠ ᠶᠢ ᠲᠡᠭᠡᠭᠰᠢᠯᠡᠭᠦᠯᠦᠭᠰᠡᠨ ᠪᠠᠶᠢᠨ᠎ᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠶᠢᠲᠡ 100 ᠭᠠᠷᠤᠶ ᠤᠬᠠᠭᠤᠯᠬᠤ ᠮᠠᠲ᠋ᠧᠷᠢᠶᠠᠯ ᠲᠠᠷᠬᠠᠭᠠᠵᠤ᠂ ᠵᠦᠪᠯᠡᠯᠭᠡ ᠥᠭᠬᠦ ᠲᠥᠷᠥ ᠶᠢᠨ ᠪᠣᠳᠣᠯᠭ᠎ᠠ ᠶᠢᠨ ᠠᠰᠠᠭᠤᠳᠠᠯ ᠢ 30 ᠭᠠᠷᠤᠶ  ᠬᠠᠷᠢᠭᠤᠯᠳᠠ ᠦᠭᠴᠡᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号