︽︿ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠤᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠶᠢ ᠠᠬᠢᠭᠤᠯᠬᠤ ᠲᠤᠬᠠᠢ ᠥᠪᠦᠷ ᠮᠣᠩᠭᠤᠯ ᠤᠨ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/12
     ᠡᠮᠴᠢᠯᠡᠭᠡᠨ ᠤ ᠠᠪᠤᠷᠠᠨ ᠲᠤᠰᠠᠯᠠᠯᠲᠠ ᠪᠣᠯ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠴᠢᠬᠤᠯᠠ ᠠᠭᠤᠯᠭ᠎ᠠ ᠮᠦᠨ᠂ ᠪᠠᠰᠠᠴᠤ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ  ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠪᠦᠬᠦ ᠠᠷᠠᠳ ᠢᠷᠭᠡᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢ ᠭᠤᠤᠯᠴᠢ ᠪᠠᠷ ᠡᠳ᠋ᠯᠡᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠢᠨ᠎ᠡ ᠪᠠᠶᠢᠳᠠᠯ᠂ ᠰᠢᠨ᠎ᠡ ᠬᠤᠪᠢᠷᠠᠯᠲᠠ ᠳᠤ ᠵᠣᠬᠢᠴᠠᠭᠤᠯᠵᠤ᠂ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠨ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠵᠦ᠂ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ   ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ︹ 2020 ︺ 5 ᠳ᠋ᠤᠭᠠᠷ ᠲᠣᠭᠠᠲᠤ︶ ᠪᠣᠯᠤᠨ ︽︿ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ  ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ︹ 2020 ︺ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ᠂  ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠶᠢᠨ ᠲᠤᠰᠠᠲᠠ᠂ ᠮᠠᠨ ᠤ ᠣᠷᠣᠨ ︽ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠤᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠶᠢ ᠠᠬᠢᠭᠤᠯᠬᠤ ᠲᠤᠬᠠᠢ ᠥᠪᠦᠷ ᠮᠣᠩᠭᠤᠯ ᠤᠨ ᠠᠵᠢᠯ ᠤᠨ ᠲᠥᠰᠦᠯ︾ ᠢ ᠨᠡᠶᠢᠲᠡᠯᠡᠪᠡ᠃      ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠯᠲᠠ ᠪᠣᠯ ᠬᠦᠴᠢᠷᠳᠡᠯᠲᠡᠶ ᠭᠡᠷ ᠪᠦᠯᠢ ᠶᠢᠨ ᠡᠮᠴᠢᠯᠡᠭᠡᠨ ᠤ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠪᠣᠯᠬᠤ ᠪᠥᠭᠡᠳ ᠪᠠᠰᠠ ᠴᠤ ᠬᠦᠴᠢᠷᠳᠡᠯᠲᠡᠶ ᠭᠡᠷ ᠪᠦᠯᠢ ᠶᠢᠨ ︽ᠡᠪᠡᠳᠴᠢᠨ ᠦᠵᠡᠭᠦᠯᠬᠦ ᠳᠤ ᠦᠨᠡᠲᠡᠶ᠂ ᠡᠪᠡᠳᠴᠢᠨ ᠦᠵᠡᠭᠦᠯᠬᠦ ᠳᠤ ᠬᠦᠴᠢᠷᠲᠡᠶ︾ ᠪᠠᠶᠢᠬᠤ ᠶᠢ ᠨᠠᠮᠳᠠᠭᠤᠯᠬᠤ ᠪᠠ ᠶᠠᠳᠠᠭᠤ ᠬᠦᠴᠢᠷᠳᠡᠯ ᠢ ᠨᠠᠮᠳᠠᠭᠤᠯᠬᠤ ᠶᠢᠨ ᠭᠤᠤᠯ ᠠᠷᠭ᠎ᠠ ᠪᠠᠷᠢᠯ ᠤᠨ ᠨᠢᠭᠡ ᠪᠣᠯᠤᠨ᠎ᠠ᠃ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠤᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠦᠪᠵᠢᠭᠦᠯᠬᠦ ᠠᠵᠢᠯ ᠢ ᠲᠦᠯᠬᠢᠨ ᠠᠬᠢᠭᠤᠯᠵᠤ᠂ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠴᠢᠩᠭᠠᠳᠬᠠᠵᠤ᠂ ᠮᠠᠨ ᠤ ᠣᠷᠣᠨ ᠤ ᠡᠮᠴᠢᠯᠡᠭᠡᠨ ᠤ ᠠᠪᠤᠷᠠᠨ ᠲᠤᠰᠠᠯᠠᠯᠲᠠ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠵᠣᠯᠭᠠᠭᠤᠯᠬᠤ ᠶᠢ ᠦᠨᠡᠨᠬᠦ ᠪᠠᠲᠤᠯᠠᠵᠤ᠂  ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂  ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠤᠨ ᠦᠷᠭᠦᠯᠵᠢᠯᠡᠨ᠂ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠠᠪᠤᠷᠠᠨ ᠲᠤᠰᠠᠯᠠᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠳᠠᠬᠢ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号