︽ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠠᠷᠳᠠᠨ ᠭᠦᠢᠴᠡᠳᠬᠡᠬᠦ ᠠᠵᠢᠯ ᠢ ᠰᠠᠶᠢᠲᠤᠷ ᠬᠢᠬᠦ ᠲᠤᠬᠠᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/12
ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠬᠤᠪᠧᠶ ᠮᠤᠵᠢ ᠶᠢᠨ ᠦᠬᠠᠨ ᠬᠤᠲᠠ ᠵᠡᠷᠭᠡ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠴᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠭᠠᠷᠳᠠᠨ ᠬᠢᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠤ᠂ ᠬᠥᠮᠦᠰ ᠬᠤᠷᠠᠵᠤ ᠴᠤᠭᠯᠠᠷᠠᠬᠤ ᠶᠢ ᠪᠠᠭᠠᠰᠬᠠᠨ᠂ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠭᠠᠷᠲᠠᠨ ᠭᠦᠢᠴᠡᠳᠬᠡᠬᠦ ᠠᠵᠢᠯ ᠤᠨ ᠮᠡᠳᠡᠭᠳᠡᠯ ᠢ ᠲᠣᠭᠲᠠᠭᠠᠪᠠ᠃ᠬᠤᠶᠠᠷ᠂ ᠭᠤᠤᠯ ᠠᠭᠤᠯᠭ᠎ᠠ      ︵ᠨᠢᠭᠡ︶ ᠰᠠᠭᠠᠳ ᠥᠬᠡᠶ ᠨᠡᠪᠲᠡᠷᠡᠬᠦ ᠵᠠᠮ ᠤᠨ ︽ᠣᠨᠴᠠᠭᠠᠢ ᠬᠡᠷᠡᠭ ᠢ ᠣᠨᠴᠠᠭᠠᠢ ᠭᠦᠢᠴᠡᠳᠬᠡᠬᠦ︾᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠤᠰᠢᠯᠠᠭᠰᠠᠨ ᠪᠠ ᠰᠡᠵᠢᠭ ᠲᠠᠢ ᠡᠪᠡᠳᠴᠢᠲᠡᠨ ᠳᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠶ ᠳᠤᠨᠢ ᠪᠠᠭᠤᠯᠭᠠᠵᠤ ᠥᠭᠭᠦᠨ᠎ᠡ᠃      ︵ᠬᠤᠶᠠᠷ︶ ᠲᠤᠭ᠎ᠠ ᠪᠠᠷᠢᠮᠲᠠ ᠶᠢᠨ ᠭᠦᠶᠦᠯᠲᠡ ᠶᠢᠨ ︽ᠰᠦᠯᠵᠢᠶᠡᠨ ᠳᠡᠭᠡᠷ᠎ᠡ ᠭᠦᠢᠴᠡᠳᠬᠡᠬᠦ︾᠃ ᠬᠢᠵᠢᠭ ᠤᠨ ᠪᠠᠶᠢᠳᠠᠯ ᠤᠨ ᠬᠤᠭᠤᠴᠠᠭᠠᠨ ᠤ ᠳᠠᠭᠠᠳᠬᠠᠯ ᠳᠤ ᠣᠷᠣᠯᠴᠠᠬᠤ ᠳᠠᠩᠰᠠᠯᠠᠯ᠂ ᠳᠠᠭᠠᠳᠬᠠᠯ ᠳᠤ ᠣᠷᠤᠯᠴᠠᠭᠰᠠᠳ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ᠂  ᠰᠦᠢᠳᠬᠡᠯ ᠬᠤᠷᠢᠶᠠᠭᠰᠠᠨ ᠬᠢᠨᠠᠨ ᠲᠣᠭᠲᠠᠭᠠᠯᠲᠠ ᠶᠢᠨ ᠬᠠᠭᠤᠳᠠᠰᠤ ᠶᠢ ᠳᠠᠷᠤᠮᠠᠯᠯᠠᠬᠤ᠂ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠬᠠᠷᠠᠭᠠᠯᠵᠠᠯ ᠢ ᠭᠤᠶᠤᠴᠢᠯᠠᠬᠤ᠂ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠢ ᠬᠢᠨᠠᠨ ᠬᠠᠷᠭᠤᠭᠤᠯᠬᠤ᠂ ᠡᠮᠴᠢᠯᠡᠭᠡᠨ ᠤ ᠵᠠᠷᠤᠳᠠᠯ ᠢ ᠰᠠᠯᠭᠠᠨ ᠥᠭᠬᠦ᠂ ᠣᠨᠳᠣᠤ ᠭᠠᠵᠠᠷ ᠡᠮᠨᠡᠭᠦᠯᠬᠦ ᠶᠢ ᠳᠠᠩᠰᠠᠯᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠵᠤ ᠪᠣᠯᠤᠨ᠎ᠠ᠃      ︵ᠭᠤᠷᠪᠠ︶ ᠬᠠᠷᠢᠯᠴᠠᠬᠤ ᠳᠤ ᠳᠥᠭᠦᠮ ᠢ ᠪᠣᠳᠤᠯᠬᠢᠯᠠᠨ ︽ᠤᠲᠠᠰᠤ ᠪᠠᠷ ᠭᠦᠢᠴᠡᠳᠬᠡᠬᠦ︾᠃ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠲᠥᠰᠦᠯ ᠢ ᠬᠤᠪᠢᠷᠠᠭᠤᠯᠬᠤ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠵᠡᠷᠭᠡ ᠶᠢ ᠤᠲᠠᠰᠤ ᠪᠠᠷ ᠭᠦᠢᠴᠡᠳᠬᠡᠵᠤ ᠪᠣᠯᠤᠨ᠎ᠠ᠃      ︵ᠳᠥᠷᠪᠡ︶ ᠣᠯᠠᠨ ᠬᠥᠮᠦᠨ ᠴᠤᠭᠯᠠᠷᠠᠬᠤ ᠠᠴᠠ ᠵᠠᠶᠢᠯᠠᠰᠬᠢᠨ ︽ᠤᠷᠢᠳᠴᠢᠯᠠᠨ ᠪᠣᠯᠵᠣᠵᠤ ᠭᠦᠢᠴᠡᠳᠬᠡᠬᠦ︾ ᠃ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ᠂ ᠤᠳᠠᠭᠠᠨ ᠴᠢᠨᠠᠷᠲᠠᠶ ᠡᠪᠡᠳᠴᠢᠲᠡᠨ ᠤ ᠡᠮ ᠬᠤᠳᠠᠯᠳᠤᠨ ᠠᠪᠬᠤ᠂ ᠤᠳᠠᠭᠠᠨ ᠴᠢᠨᠠᠷᠲᠠᠶ ᠡᠪᠡᠳᠴᠢᠨ ᠢ ᠬᠢᠨᠠᠨ ᠬᠠᠷᠭᠤᠭᠤᠯᠬᠤ ᠲᠤᠬᠠᠶᠢᠯᠠᠭᠰᠠᠨ ᠠᠵᠢᠯ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠭᠠᠷᠭᠠᠬᠤ᠂ ᠲᠦᠷᠭᠡᠨ ᠡᠮᠴᠢᠯᠡᠭᠡ ᠶᠢ ᠬᠢᠨᠠᠨ ᠬᠠᠷᠭᠤᠭᠤᠯᠬᠤ ᠲᠤᠬᠠᠶᠢᠯᠠᠭᠰᠠᠨ ᠠᠵᠢᠯ᠂ ᠣᠷᠣᠯᠠᠨ ᠬᠠᠮᠢᠶᠠᠷᠬᠤ ᠲᠠᠪᠴᠠᠩ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠸᠢᠴᠠᠲ ᠤᠨ ᠠᠵᠢᠯ ᠤᠨ ᠪᠦᠯᠦᠭ ᠪᠤᠶᠤ ᠦᠯᠡᠳᠡᠭᠡᠭᠰᠡᠨ ᠤᠲᠠᠰᠤ ᠪᠠᠷ ᠤᠷᠢᠳᠴᠢᠯᠠᠨ ᠪᠣᠯᠵᠣᠵᠤ ᠭᠦᠢᠴᠡᠳᠬᠡᠵᠤ ᠪᠣᠯᠤᠨ᠎ᠠ᠃      ︵ᠲᠠᠪᠤ︶ ᠬᠤᠭᠤᠴᠠᠭ᠎ᠠ ᠬᠢᠵᠠᠭᠠᠷ ᠢ ᠠᠭᠤᠵᠢᠭᠤ ᠲᠠᠯᠪᠢᠵᠤ ︽ᠬᠤᠶᠢᠰᠢᠯᠠᠭᠤᠯᠤᠨ ᠭᠦᠢᠴᠡᠳᠬᠡᠬᠦ︾᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ᠂ ᠡᠮᠴᠢᠯᠡᠭᠡᠨ ᠤ ᠵᠠᠷᠤᠳᠠᠯ ᠢ ᠳᠠᠩᠰᠠᠨ ᠠᠴᠠ ᠲᠠᠶᠢᠯᠬᠤ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠭᠤᠶᠤᠴᠢᠯᠠᠨ ᠮᠡᠳᠡᠭᠦᠯᠬᠦ ᠵᠢᠴᠢ ᠬᠤᠪᠢᠷᠠᠭᠤᠯᠬᠤ᠂ ᠬᠤᠪᠢ ᠬᠥᠮᠦᠨ ᠤ ᠳᠠᠩᠰᠠᠨ ᠡᠷᠦᠬᠡ ᠳᠤ ᠺᠠᠷᠲ ᠨᠡᠮᠡᠬᠦ ᠶᠢ ᠬᠢᠵᠢᠭ ᠤᠨ ᠪᠠᠶᠢᠳᠠᠯ ᠲᠣᠭᠲᠠᠪᠤᠷᠢᠵᠢᠭᠰᠠᠨ ᠤ ᠳᠠᠷᠠᠭ᠎ᠠ ᠭᠦᠢᠴᠡᠳᠬᠡᠵᠤ ᠪᠣᠯᠤᠨ᠎ᠠ᠃      ︵ᠵᠢᠷᠭᠤᠭ᠎ᠠ︶ ᠡᠮ ᠤᠨ ᠬᠡᠮᠵᠢᠶ᠎ᠡ ᠶᠢ ᠠᠭᠤᠵᠢᠭᠤ ᠲᠠᠯᠪᠢᠵᠤ ︽ᠠᠷᠠᠳ ᠲᠤ ᠳᠥᠭᠦᠮ ᠦᠵᠡᠭᠦᠯᠬᠦ︾᠃ ᠤᠳᠠᠭᠠᠨ ᠴᠢᠨᠠᠷᠲᠠᠢ ᠡᠪᠡᠳᠴᠢᠲᠡᠨ ᠤ ᠲᠣᠭᠲᠠᠭᠰᠠᠨ  ᠡᠮᠴᠢᠯᠡᠭᠡᠨ ᠤ ᠪᠠᠶᠢᠭᠤᠯᠤᠮᠵᠢ ᠠᠴᠠ ᠡᠮ ᠬᠤᠳᠠᠯᠳᠤᠨ ᠠᠪᠬᠤ᠂ ᠤᠳᠠᠭᠠᠨ ᠴᠢᠨᠠᠷᠲᠠᠢ ᠡᠪᠡᠳᠴᠢᠨ ᠤ ᠡᠮ ᠤᠨ ᠵᠣᠷ ᠤᠨ ᠡᠮ ᠤᠨ ᠬᠡᠮᠵᠢᠶ᠎ᠡ ᠶᠢ ᠬᠤᠶᠠᠷ ᠠᠴᠠ ᠭᠤᠷᠪᠠᠨ ᠰᠠᠷ᠎ᠠ ᠪᠣᠯᠲᠠᠯ᠎ᠠ ᠠᠭᠤᠵᠢᠭᠤ ᠲᠠᠯᠪᠢᠵᠤ ᠪᠣᠯᠤᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号