《ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ》ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/12
ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠳᠠᠭᠠᠳᠬᠠᠯ ᠳᠤ ᠣᠷᠣᠯᠴᠠᠭᠰᠠᠳ ᠤᠨ ᠡᠯ᠎ᠡ ᠵᠦᠢᠯ ᠤᠨ ᠡᠮᠴᠢᠯᠡᠭᠡᠨ ᠤ ᠪᠠᠲᠤᠯᠠᠭ᠎ᠠ ᠶᠢᠨ  ᠬᠠᠷᠠᠭᠠᠯᠵᠠᠯ ᠢ ᠴᠠᠭ ᠲᠤᠬᠠᠶ ᠲᠤᠨᠢ ᠬᠦᠷᠲᠡᠭᠡᠬᠦ ᠶᠢ ᠦᠨᠡᠨᠬᠦ ᠪᠠᠲᠤᠯᠠᠬᠤ ᠶᠢᠨ ᠲᠤᠰᠠᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠤᠨ ᠮᠡᠳᠡᠭᠳᠡᠯ ᠢ ᠲᠣᠭᠲᠠᠭᠠᠪᠠ᠃ᠬᠤᠶᠠᠷ᠂ ᠭᠤᠤᠯ ᠠᠭᠤᠯᠭ᠎ᠠ      ᠨᠢᠭᠡ ᠳᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠶᠠᠪᠤᠳᠠᠯ ᠭᠦᠢᠴᠡᠳᠬᠡᠬᠦ ᠳᠡᠰ ᠳᠠᠷᠠᠭᠠᠯᠠᠯ ᠢ ᠳᠥᠭᠦᠮᠴᠢᠯᠡᠵᠦ᠂ ᠭᠠᠷᠲᠠᠨ ᠭᠦᠢᠴᠡᠳᠬᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠠᠯᠭᠠᠨ ᠥᠭᠬᠦ ᠶᠢ ᠦᠨᠡᠨᠬᠦ ᠪᠠᠲᠤᠯᠠᠨ᠎ᠠ᠃ ᠬᠤᠶᠠᠷ ᠲᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠤᠨ ᠲᠠᠩᠰᠠ ᠲᠠᠶᠢᠯᠬᠤ ᠪᠠ ᠳ᠋ᠦᠩᠨᠡᠨ ᠪᠣᠳᠤᠬᠤ ᠠᠵᠢᠯ ᠢ ᠰᠠᠶᠢᠲᠤᠷ ᠬᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠳᠠᠩᠰᠠ ᠲᠠᠶᠢᠯᠬᠤ ᠪᠠ ᠰᠠᠭᠤᠷᠢ ᠮᠥᠩᠭᠦ ᠣᠯᠭᠤᠬᠤ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠬᠦᠷᠲᠡᠬᠦ ᠶᠢ ᠦᠨᠡᠨᠬᠦ ᠪᠠᠲᠤᠯᠠᠨ᠎ᠠ᠃ ᠭᠤᠷᠪᠠ ᠳᠤ ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠤᠳᠤᠬᠤ ᠪᠠ ᠰᠠᠯᠭᠠᠨ ᠥᠭᠬᠦ ᠶᠢ ᠰᠠᠶᠢᠲᠤᠷ ᠬᠢᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ  ᠴᠡᠭ ᠲᠣᠭᠠᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠳ᠋ᠦᠩᠨᠡᠨ ᠪᠣᠳᠣᠬᠤ ᠪᠠᠷᠢᠮᠲᠠ ᠶᠢᠨ ᠮᠡᠳᠡᠭᠦᠯᠦᠨ ᠬᠦᠷᠭᠡᠬᠦ ᠴᠠᠭ ᠬᠤᠭᠤᠴᠠᠭ᠎ᠠ ᠶᠢ ᠤᠷᠲᠤᠳᠬᠠᠬᠤ᠂ ᠡᠮᠴᠢᠯᠡᠭᠡᠨ ᠤ ᠵᠠᠷᠤᠳᠠᠯ ᠤᠨ ᠳᠠᠩᠰᠠ ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠰᠢᠰᠲ᠋ᠧᠮ ᠤᠨ ᠲᠤᠭ᠎ᠠ ᠪᠠᠷᠢᠮᠲᠠ ᠶᠢ ᠦᠨᠳᠦᠰᠦᠯᠡᠨ ᠤᠷᠢᠳᠠᠪᠠᠷ ᠰᠠᠯᠭᠠᠨ ᠥᠭᠴᠦ ᠳ᠋ᠦᠩᠨᠡᠨ ᠪᠣᠳᠤᠨ᠎ᠠ᠃ ᠳᠥᠷᠪᠡ ᠳᠤ᠂ ᠣᠨᠳᠣᠤ ᠭᠠᠵᠠᠷ ᠲᠤ ᠡᠮᠨᠡᠭᠦᠯᠬᠦ ᠶᠢ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠨ᠎ᠠ᠃ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠳᠡᠭᠡᠭᠰᠢ ᠲᠤᠰᠢᠶᠠᠭᠰᠠᠨ ᠲᠥᠯᠥᠪᠯᠡᠭᠡ ᠶᠢᠨ ᠬᠦᠰᠦᠨᠦᠭᠲᠦ ᠶᠣᠰᠣᠭᠠᠷ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠠᠪᠴᠠᠩ ᠳᠤ ᠣᠨᠳᠣᠤ ᠭᠠᠵᠠᠷ ᠲᠤ ᠡᠮᠨᠡᠭᠦᠯᠦᠭᠰᠡᠨ ᠵᠣᠭᠤᠰ ᠢ ᠴᠠᠭ ᠲᠤᠬᠠᠶ ᠳᠤᠨᠢ ᠲᠤᠭ᠎ᠠ ᠶᠣᠰᠣᠭᠠᠷ ᠳᠡᠭᠡᠭᠰᠢ ᠲᠤᠰᠢᠶᠠᠬᠤ ᠬᠡᠷᠡᠭᠲᠡᠶ᠃ ᠲᠠᠪᠤ ᠳᠤ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠲᠠᠰᠤᠷᠠᠯᠲᠠ ᠥᠬᠡᠶ ᠰᠠᠶᠢᠲᠤᠷ ᠬᠢᠨ᠎ᠠ᠃ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶ᠎ᠡ ᠳᠤ ᠲᠤᠰᠬᠠᠶ ᠬᠥᠮᠦᠨ ᠬᠠᠷᠢᠭᠤᠴᠠᠬᠤ ᠶᠢ ᠬᠡᠷᠡᠭᠵᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠲᠠᠰᠤᠯᠳᠠᠭᠤᠯᠬᠤ ᠦᠭᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号