︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢ ᠨᠡᠶᠢᠯᠡᠭᠦᠯᠬᠦ ᠬᠡᠷᠡᠭᠵᠢᠭᠦᠯᠬᠦ ᠨᠠᠷᠢᠨ ᠲᠦᠷᠢᠮ︾ ︵ᠥᠪᠥᠷ ᠡᠮᠴᠢᠯᠡᠭᠡ ᠳᠠᠭᠠᠳᠬᠠᠯ ᠲᠠᠷᠬᠠᠭᠠᠭᠰᠠᠨ ︹ 2019 ︺ 14 ᠳ᠋ᠦ᠋ᠭᠡᠷ ᠲᠣᠭᠠᠲᠤ︶ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/12
     ᠰᠠᠭᠤᠷᠢ ᠮᠥᠩᠭᠦᠨ ᠤ ᠬᠠᠷᠢᠯᠴᠠᠨ ᠲᠤᠰᠠᠯᠠᠯᠴᠠᠬᠤ ᠴᠢᠳᠠᠪᠤᠷᠢ ᠶᠢ ᠨᠡᠮᠡᠭᠳᠡᠭᠦᠯᠵᠦ᠂ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠤᠰᠠᠲᠠ᠂ ︽︿ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠡᠳ᠋ ᠤᠨ ᠵᠠᠰᠠᠭ ᠤᠨ ᠲᠢᠩᠬᠢᠮ  ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠦᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡ ᠳᠠᠭᠠᠳᠬᠠᠯ ᠠᠯᠪᠠᠨ ᠲᠠᠷᠬᠠᠭᠠᠭᠰᠠᠨ ︹ 2019 ︺ 44 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠨᠠᠷᠢᠨ ᠲᠦᠷᠢᠮ︾ ᠭᠡᠵᠦ ᠲᠣᠪᠴᠢᠯᠠᠨ᠎ᠠ︶ ᠢ ᠲᠣᠭᠲᠠᠭᠠᠪᠠ᠃      ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠪᠠ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠵᠦ᠂ ᠬᠥᠮᠦᠨ ᠬᠡᠷᠡᠭᠯᠡᠬᠦ ᠨᠢᠭᠡᠴᠡ ᠵᠢᠴᠢ ᠠᠵᠢᠯᠲᠠᠨ ᠠᠵᠢᠯᠴᠢᠨ ᠤ ᠬᠤᠶᠠᠷ ᠵᠦᠢᠯ ᠤᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠦᠭᠰᠡᠨ ᠤ ᠳᠠᠷᠠᠭ᠎ᠠ ᠨᠢᠭᠡᠳᠦᠯᠲᠡᠶ ᠳᠠᠭᠠᠳᠬᠠᠯ ᠳᠤ ᠣᠷᠣᠯᠴᠠᠵᠤ ᠳᠠᠩᠰᠠᠯᠠᠬᠤ ᠶᠢ ᠪᠡᠶᠡᠯᠡᠭᠦᠯᠦᠨ᠎ᠡ᠃ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ  ᠳᠠᠭᠠᠳᠬᠠᠯ ᠤᠨ ᠰᠠᠭᠤᠷᠢ ᠮᠥᠩᠭᠦ ᠳᠤ ᠨᠡᠶᠢᠯᠡᠭᠦᠯᠦᠨ ᠣᠷᠣᠭᠤᠯᠵᠤ᠂ ᠨᠢᠭᠡᠳᠦᠯᠲᠡᠶ ᠲᠠᠲᠠᠪᠤᠷᠢᠯᠠᠨ ᠲᠤᠰᠢᠶᠠᠵᠤ᠂ ᠱᠠᠲᠤ ᠳᠠᠪᠬᠤᠷᠭ᠎ᠠ ᠶᠢ ᠨᠢᠭᠡᠳᠦᠯᠲᠡᠶ ᠲᠥᠯᠥᠪᠯᠡᠵᠦ᠂ ᠭᠠᠷᠲᠠᠨ  ᠭᠦᠢᠴᠡᠳᠬᠡᠬᠦ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠵᠦ᠂ ᠭᠠᠷᠲᠠᠨ ᠭᠦᠢᠴᠡᠳᠬᠡᠬᠦ ᠶᠠᠪᠤᠴᠠ ᠶᠢ ᠵᠢᠷᠤᠮᠵᠢᠭᠤᠯᠬᠤ ᠬᠡᠷᠡᠭᠲᠡᠶ᠃ ᠬᠤᠶᠠᠷ ᠵᠦᠢᠯ ᠤᠨ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠦᠭᠰᠡᠨ ᠤ ᠳᠠᠷᠠᠭ᠎ᠠ ᠨᠢᠭᠡᠳᠦᠯᠲᠡᠶ ᠴᠡᠭ ᠲᠣᠭᠲᠠᠭᠠᠭᠰᠠᠨ ᠡᠮᠴᠢᠯᠡᠭᠡᠨ ᠤ ᠦᠢᠯᠡᠴᠢᠯᠡᠭᠡᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠳᠦᠷᠢᠮ ᠤᠨ ᠦᠷᠭᠦᠯᠵᠢᠯᠡᠬᠦ ᠶᠢ ᠦᠨᠡᠨᠬᠦ ᠪᠠᠲᠤᠯᠠᠵᠤ᠂ ᠰᠠᠭᠤᠷᠢ ᠮᠥᠩᠭᠦ ᠶᠢᠨ ᠨᠢᠭᠡᠳᠦᠯᠲᠡᠶ ᠲᠥᠯᠥᠪᠯᠡᠨ ᠬᠠᠮᠲᠤ ᠪᠠᠷ ᠬᠠᠷᠠᠭᠠᠯᠵᠠᠬᠤ ᠴᠢᠳᠠᠪᠤᠷᠢ ᠶᠢ ᠨᠡᠮᠡᠭᠳᠡᠭᠦᠯᠦᠨ᠎ᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号