︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/12
     2020 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠡᠭᠦᠷᠭᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠲᠠ᠂ ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ  ᠪᠠᠲᠤᠯᠠᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ   ᠡᠳ᠋ ᠤᠨ ᠵᠠᠰᠠᠭ ᠤᠨ ᠶᠠᠮᠤᠨ   ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ ᠡᠮᠴᠢᠯᠡᠭᠡ ᠪᠠᠲᠤᠯᠠᠭ᠎ᠠ ᠲᠠᠷᠬᠠᠭᠠᠭᠰᠠᠨ︹ 2020 ︺ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ 2020 ᠣᠨ ᠤ 7 ᠳ᠋ᠤᠭᠠᠷ ᠰᠠᠷ᠎ᠠ ᠶᠢᠨ 31 ᠤ ᠡᠳᠦᠷ ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ  ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹ 2020 ︺ 12 ᠳ᠋ᠤᠭᠠᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ ᠳᠤ ᠪᠡᠯᠡ ᠴᠤᠭᠯᠠᠭᠤᠯᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠯᠠᠨ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠵᠣᠬᠢᠴᠠᠭᠤᠯᠬᠤ ᠶᠢᠨ ᠲᠥᠯᠥᠭᠡ᠂ ︽ᠮᠡᠳᠡᠭᠳᠡᠯ︾ ᠳᠤ 2020 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠱᠠᠭᠠᠷᠳᠠᠯᠭ᠎ᠠ ᠶᠢᠨ ᠲᠣᠭᠤᠷᠢᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠥᠷᠢ ᠪᠣᠯᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠵᠣᠬᠢᠰᠲᠠᠶ  ᠳᠡᠭᠡᠭ᠌ᠰᠢᠯᠡᠭᠦᠯᠵᠤ᠂ 2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠬᠥᠮᠦᠨ ᠪᠦᠷᠢ ᠵᠢᠯ ᠳᠤ 550 ᠲᠥᠭᠦᠷᠢᠭ ᠠᠴᠠ ᠳᠣᠤᠷ᠎ᠠ ᠥᠬᠡᠶ ᠪᠣᠯᠭᠠᠨ᠎ᠠ ᠭᠡᠵᠦ ᠲᠣᠳᠣᠷᠬᠠᠶ ᠲᠣᠭᠲᠠᠭᠠᠪᠠ︔ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ᠂ ᠬᠥᠮᠦᠨ ᠨᠢᠭᠡᠪᠦᠷᠢ ᠵᠢᠯ ᠳᠤ 280 ᠲᠥᠭᠦᠷᠢᠭ ᠲᠤ ᠬᠦᠷᠦᠭᠦᠯᠦᠨ᠎ᠡ᠃ ᠡᠭᠦᠨ ᠤ ᠬᠠᠮᠲᠤ᠂ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠤᠭᠤᠳ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠵᠢᠴᠢ ᠲᠦᠷᠦᠭᠦᠤ ᠭᠤᠷᠪᠠᠨ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ      ᠬᠤᠶᠠᠷ ᠲᠤ᠂ ᠬᠠᠷᠠᠭᠠᠯᠵᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂  ᠡᠮᠴᠢᠯᠡᠭᠡᠨ ᠤ ᠠᠪᠤᠷᠠᠨ ᠲᠤᠰᠠᠯᠠᠯᠲᠠ ᠭᠤᠷᠪᠠᠨ ᠳᠠᠪᠬᠤᠷ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠬᠡᠮᠵᠢᠶ᠎ᠡ ᠶᠢ ᠲᠣᠭᠲᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠬᠤ ᠵᠠᠷᠤᠳᠠᠯ ᠤᠨ ᠥᠭᠬᠦ ᠬᠠᠷᠢᠴᠠᠯ ᠢ 75% ᠣᠷᠴᠢᠮ ᠳᠤ ᠬᠦᠷᠦᠭᠦᠯᠦᠨ᠎ᠡ᠃ ᠡᠭᠦᠳᠡᠨ ᠡᠮᠨᠡᠯᠭᠡ ᠶᠢᠨ ᠬᠠᠮᠲᠤᠪᠠᠷ ᠲᠡᠳᠬᠦᠬᠦ ᠪᠠᠲᠤᠯᠠᠭ᠎ᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠭᠦᠳᠡᠨ ᠡᠮᠨᠡᠯᠭᠡ ᠶᠢᠨ ᠣᠨᠴᠠ ᠤᠳᠠᠭᠠᠨ ᠡᠪᠡᠳᠴᠢᠨ ᠤ ᠪᠠᠲᠤᠯᠠᠭ᠎ᠠ ᠶᠢ ᠮᠠᠭᠠᠳᠯᠠᠨ ᠲᠣᠭᠲᠠᠭᠠᠬᠤ ᠶᠠᠪᠤᠴᠠ ᠶᠢ ᠵᠢᠷᠤᠮᠵᠢᠭᠤᠯᠤᠨ ᠳᠥᠭᠦᠮᠴᠢᠯᠡᠨ᠎ᠡ᠃ ᠬᠡᠯᠡᠯᠴᠡᠭᠡᠷ ᠤᠨ ᠡᠮ ᠤᠨ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂  ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠵᠦ ᠡᠮ ᠬᠤᠳᠠᠯᠳᠤᠨ ᠠᠪᠬᠤ ᠳᠤ ᠡᠭᠦᠰᠦᠭᠰᠡᠨ ᠡᠭᠦᠳᠡᠨ ᠡᠮᠨᠡᠯᠭᠡ ᠶᠢᠨ ᠵᠠᠷᠤᠳᠠᠯ ᠢ ᠲᠣᠭᠲᠠᠭᠠᠯ ᠶᠣᠰᠣᠭᠠᠷ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠱᠤᠭᠤᠮ 1.4 ᠲᠦᠮᠡᠨ ᠲᠥᠭᠦᠷᠢᠭ᠂ ᠲᠥᠷᠦ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠲᠥᠯᠥᠬᠦ ᠬᠠᠷᠢᠴᠠᠯ ᠢ 60% ᠠᠴᠠ ᠳᠡᠭᠡᠭᠰᠢ ᠳᠤ ᠬᠦᠷᠭᠡᠨ᠎ᠡ᠃ ᠬᠦᠨᠳᠦ ᠡᠪᠡᠳᠴᠢᠨ ᠤ ᠳᠠᠭᠠᠳᠬᠠᠯ ᠢ ᠶᠠᠳᠠᠭᠤ ᠬᠦᠴᠢᠷᠳᠡᠯᠲᠡᠶ ᠬᠥᠮᠦᠨ ᠠᠮᠠ ᠲᠡᠶᠢᠰᠢ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ ᠮᠠᠯᠵᠢᠬᠤ ᠲᠠᠷᠢᠶᠠᠯᠠᠬᠤ ᠣᠷᠣᠨ ᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠬᠢᠯᠡᠵᠦ ᠳᠥᠯᠥᠬᠦ ᠱᠤᠭᠤᠮ ᠢ ᠡᠩ ᠤᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠢ ᠠᠴᠠ ᠬᠠᠭᠠᠰ ᠢᠶᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠡᠭᠡᠳᠦ ᠬᠢᠵᠠᠭᠠᠷ ᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ᠃ ᠡᠮᠨᠡᠯᠭᠡ ᠳᠤ ᠰᠠᠭᠤᠬᠤ ᠪᠠ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠪᠡᠳᠴᠢᠨ ᠤ ᠲᠥᠷᠥᠯ ᠢᠶᠠᠷ ᠠᠪᠤᠷᠠᠨ ᠲᠤᠰᠠᠯᠠᠬᠤ ᠠᠴᠠ ᠥᠨᠳᠥᠷ ᠲᠣᠭᠠᠨ ᠤ ᠵᠠᠷᠤᠳᠠᠯ ᠢᠶᠠᠷ ᠬᠦᠨᠳᠦ ᠣᠨᠴᠠ ᠶᠡᠭᠡ ᠡᠪᠡᠳᠴᠢᠨ ᠡᠮᠭᠡᠭ ᠢ ᠠᠪᠤᠷᠠᠨ ᠲᠤᠰᠠᠯᠠᠵᠤ ᠢᠯᠭᠠᠨ ᠲᠠᠨᠢᠬᠤ ᠪᠠᠷᠢᠮᠵᠢᠶ᠎ᠠ ᠪᠣᠯᠭᠠᠬᠤ ᠲᠡᠰᠢ ᠰᠢᠯᠵᠢᠭᠦᠯᠬᠦ ᠶᠢ ᠰᠦᠪᠡᠭᠴᠢᠯᠡᠨ᠎ᠡ᠃      ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠲᠤᠰ ᠭᠠᠵᠠᠷ ᠣᠷᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠤᠨ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠢᠵᠢᠭ ᠤᠨ ᠪᠠᠶᠢᠳᠠᠯ ᠤᠨ ᠨᠥᠯᠥᠭᠡ ᠶᠢ ᠢᠳᠡᠪᠬᠢᠲᠠᠢ ᠠᠷᠭᠠᠴᠠᠭᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ᠂ ᠠᠵᠢᠯ ᠠᠯᠳᠠᠭᠰᠠᠳ ᠵᠡᠷᠭᠡ ᠬᠥᠮᠦᠰ ᠤᠨ ᠬᠠᠮᠢᠶ᠎ᠠ ᠪᠦᠬᠦᠢ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃      ᠳᠥᠷᠪᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠬᠠᠯᠠᠭᠤᠨ ᠤᠲᠠᠰᠤ ᠵᠡᠷᠭᠡ ᠠᠷᠭ᠎ᠠ ᠵᠠᠮ ᠢᠶᠠᠷ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠤᠨ ᠲᠠᠶᠢᠯᠪᠤᠷᠢᠯᠠᠵᠤ᠂ ᠡᠮᠴᠢᠯᠡᠭᠡᠨ ᠤ ᠳᠠᠭᠠᠳᠬᠠᠯ ᠤᠨ ᠠᠵᠢᠯ ᠤᠨ ᠲᠠᠨᠢᠨ ᠮᠡᠳᠡᠬᠦᠢ ᠶᠢᠨ ᠬᠡᠮᠵᠢᠶ᠎ᠡ᠂ ᠮᠡᠳᠡᠷᠡᠬᠦᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃      ︽ᠮᠡᠳᠡᠭᠳᠡᠯ︾ ᠳᠤ ᠪᠠᠰᠠ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠤᠯᠬᠤ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠭᠠᠷᠲᠠᠨ  ᠭᠦᠢᠴᠡᠳᠬᠡᠬᠦ ᠬᠠᠮᠢᠶᠠᠷᠤᠯᠲᠠ ᠦᠢᠯᠴᠡᠶᠢᠯᠡᠭᠡ ᠶᠢ ᠴᠢᠩᠭᠠᠳᠬᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠪᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号