ᠬᠦᠬᠡᠬᠤᠲᠡ ᠶᠢᠨ ᠡᠮᠴᠢᠯᠡᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ ᠪᠦᠬᠦ ᠲᠠᠯ᠎ᠠ ᠪᠠᠷ ᠬᠡᠷᠡᠭᠵᠢᠭᠦᠯᠦᠭᠳᠡᠪᠡ
ᠨᠡᠶᠢᠲᠡᠯᠡᠭᠰᠡᠨ ᠴᠠᠭ᠄
2020/12/12
     ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠮᠸᠢ︶ ︽ᠤᠯᠠᠨ ᠲᠦᠮᠡᠨ ᠶᠠᠪᠤᠳᠠᠯ ᠪᠦᠳᠦᠭᠡᠬᠦ ᠳᠡᠭᠡᠨ ᠪᠤᠰᠤᠳ ᠢ ᠭᠤᠶᠤᠬᠤ ᠦᠭᠡᠢ᠂ ᠬᠠᠮᠤᠭ ᠤᠯᠠᠨ ᠳᠠᠭᠠᠨ ᠨᠢᠭᠡ ᠤᠳᠠᠭ᠎ᠠ ᠬᠦᠶᠦᠬᠦ︾ ᠬᠠᠷᠠᠯᠲᠠ ᠶᠢ ᠪᠡᠶᠡᠯᠡᠭᠦᠯᠵᠦ᠂ ᠪᠦᠬᠦ ᠬᠤᠲᠠ ᠶᠢᠨ ᠨᠢᠭᠡᠳᠤᠯᠲᠡᠢ ᠵᠢᠷᠤᠮᠵᠢᠭᠰᠠᠨ ᠡᠮᠴᠢᠯᠡᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ ︵ᠲᠤᠷᠤᠭᠰᠢ ᠨᠠᠷᠢᠨ ᠳᠠᠩᠰᠠ ᠶᠢᠨ ᠲᠦᠷᠢᠮ ᠭᠡᠵᠦ ᠲᠦᠭᠦᠮᠴᠢᠯᠡᠨ᠎ᠡ︶ ᠢ ᠪᠠᠶᠢᠭᠤᠯᠬᠤ ᠶᠢᠨ ᠲᠤᠰᠠᠲᠠ ᠬᠦᠬᠡᠬᠤᠲᠡ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ ᠤᠶᠢᠷ᠎ᠠ ᠳᠤ ︽ᠪᠦᠬᠦ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠢᠨ ᠳᠠᠩᠰᠠ ᠶᠢᠨ ᠲᠦᠷᠢᠮ︾ ︵ᠲᠤᠷᠰᠢᠨ ᠬᠡᠷᠡᠭᠵᠢᠭᠦᠯᠬᠦ︶ ︵ᠲᠤᠷᠤᠭᠰᠢ ︽ᠪᠦᠬᠦ ᠬᠤᠲᠠ ᠶᠢᠨ ᠨᠠᠷᠢᠨ ᠳᠠᠩᠰᠠ︾ ᠭᠡᠵᠦ ᠲᠦᠭᠦᠮᠴᠢᠯᠡᠨ᠎ᠡ︶ ᠢ ᠰᠤᠳᠤᠯᠤᠨ ᠲᠤᠭᠲᠠᠭᠠᠪᠠ᠃ ᠤᠶᠢᠯᠠᠭᠠᠭᠰᠠᠨ ᠢᠶᠠᠷ᠂ ᠪᠦᠬᠦ ᠬᠤᠲᠠ ᠶᠢᠨ ᠡᠯ᠎ᠠ ᠱᠠᠳᠤᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ︽ᠪᠦᠬᠦ ᠬᠤᠲᠠ ᠶᠢᠨ ᠨᠠᠷᠢᠨ ᠳᠠᠩᠰᠠ︾ ᠶᠢᠨ ᠠᠭᠤᠯᠭ᠎ᠠ ᠪᠤᠯᠤᠨ ᠬᠡᠯᠪᠡᠷᠢ ᠱᠠᠭᠠᠷᠳᠠᠯᠭ᠎ᠠ ᠶᠢ ᠦᠨᠳᠦᠰᠦᠯᠡᠨ ︽ᠵᠢᠷᠭᠤᠭᠠᠨ ᠨᠢᠭᠡᠳᠦᠯᠲᠡᠢ︾ ︵ᠳᠠᠷᠤᠢ ᠤᠴᠢᠷ ᠶᠠᠪᠤᠳᠠᠯ ᠤᠨ ᠨᠡᠷᠡᠰ ᠨᠢᠭᠡᠳᠤᠯᠲᠡᠢ᠂ ᠤᠴᠢᠷ ᠶᠠᠪᠤᠳᠠᠯ ᠤᠨ ᠨᠤᠮᠧᠷ ᠨᠢᠭᠡᠳᠤᠯᠲᠡᠢ᠂ ᠭᠦᠢᠴᠡᠳᠭᠡᠬᠦ ᠮᠠᠲ᠋ᠧᠷᠢᠶᠠᠯ ᠨᠢᠭᠡᠳᠤᠯᠲᠡᠢ᠂ ᠭᠦᠢᠴᠡᠳᠭᠡᠬᠦ ᠴᠠᠭ ᠤᠨ ᠬᠢᠵᠠᠭᠠᠷ ᠨᠢᠭᠡᠳᠤᠯᠲᠡᠢ᠂ ᠭᠦᠢᠴᠡᠳᠭᠡᠬᠦ ᠭᠤᠭᠴᠤᠭ᠎ᠠ ᠨᠢᠭᠡᠳᠤᠯᠲᠡᠢ᠂ ᠦᠢᠯᠡᠴᠢᠯᠡᠬᠦ ᠪᠠᠷᠢᠮᠵᠢᠶ᠎ᠠ ᠨᠢᠭᠡᠳᠦᠯᠲᠡᠢ︶ ᠪᠠ ︽ᠳᠦᠷᠪᠡᠨ ᠬᠠᠮᠤᠭ︾ ︵ᠳᠠᠷᠤᠢ ᠦᠢᠯᠡᠴᠢᠯᠡᠬᠦ ᠦᠷ᠎ᠡ ᠪᠦᠳᠦᠮᠵᠢ ᠬᠠᠮᠤᠭ ᠰᠠᠶᠢᠨ᠂ ᠬᠡᠷᠡᠭᠰᠡᠬᠦ ᠮᠠᠲ᠋ᠧᠷᠢᠶᠠᠯ ᠬᠠᠮᠤᠭ ᠴᠦᠭᠡᠨ᠂ ᠭᠦᠢᠴᠡᠳᠭᠡᠬᠦ ᠴᠠᠭ ᠬᠠᠮᠤᠭ ᠤᠬᠤᠷ᠂ ᠬᠡᠷᠡᠭ ᠡᠷᠬᠢᠯᠡᠬᠦ ᠶᠠᠪᠤᠴᠠ ᠬᠠᠮᠤᠭ ᠲᠦᠬᠦᠮ︶ ᠱᠠᠭᠠᠷᠳᠠᠯᠭ᠎ᠠ ᠶᠤᠰᠤᠭᠠᠷ ᠨᠠᠷᠢᠨ ᠳᠠᠩᠰᠠ ᠶᠢᠨ ᠲᠦᠷᠢᠮ ᠢ ᠡᠨᠡ ᠡᠳᠤᠷ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠠᠢ᠃ ︽ᠪᠦᠬᠦ ᠬᠤᠲᠠ ᠶᠢᠨ ᠨᠠᠷᠢᠨ ᠳᠠᠩᠰᠠ︾ ᠶᠢ ﹃ ᠬᠦᠬᠡᠬᠤᠲᠡ ᠶᠢᠨ ᠡᠮᠴᠢᠯᠡᠭᠡ ᠶᠢᠨ ᠪᠠᠲᠤᠯᠠᠭ᠎ᠠ  ᠶᠢᠨ ᠲᠤᠪᠴᠢᠶ᠎ᠠ ﹄ ᠶᠢᠨ ᠸᠢᠴᠠᠲ ᠤᠯᠠᠨ ᠨᠡᠶᠢᠲᠡ ᠶᠢᠨ ᠳᠠᠪᠴᠠᠩ ᠢᠶᠠᠷ ᠳᠠᠮᠵᠢᠨ ᠯᠠᠪᠯᠠᠵᠦ ᠪᠤᠯᠤᠨ᠎ᠠ᠃ ︽ᠪᠦᠬᠦ ᠬᠤᠲᠠ ᠶᠢᠨ ᠨᠠᠷᠢᠨ ᠳᠠᠩᠰᠠ ︾ ᠳᠤ ᠲᠤᠲᠤᠷᠬᠠᠶᠢᠯᠠᠭᠰᠠᠨ ᠨᠢ᠂ ᠤᠳᠤᠬᠠᠨ ᠤ ᠡᠮᠴᠢᠯᠡᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠤ ᠤᠷᠤᠰᠢᠵᠦ ᠪᠠᠶᠢᠭ᠎ᠠ ᠠᠵᠢᠯ ᠶᠠᠪᠤᠳᠠᠯ ᠡᠷᠬᠢᠯᠡᠬᠦ ᠶᠠᠪᠤᠴᠠ ᠶᠠᠷᠰᠢᠭ ᠲᠠᠢ᠂ ᠭᠠᠷ ᠭᠦᠢᠴᠡᠳᠭᠡᠯ ᠤᠨ ᠬᠡᠷᠡᠭᠰᠡᠬᠦ ᠴᠠᠭ ᠤᠷᠳᠤ ᠵᠡᠷᠭᠡ ᠠᠰᠠᠭᠤᠳᠠᠯ ᠳᠤ ᠴᠢᠭᠯᠡᠭᠦᠯᠦᠨ᠂ ︽ᠪᠦᠬᠦ ᠬᠤᠲᠠ ᠶᠢᠨ ᠨᠠᠷᠢᠨ ᠳᠠᠩᠰᠠ︾ ᠲᠠᠢ ᠬᠠᠷᠭᠤᠭᠤᠯᠤᠨ᠂ ᠨᠢᠮᠪᠠᠢ ᠬᠢᠨᠠᠮᠠᠭᠠᠢ ᠪᠠᠶᠢᠴᠠᠭᠠᠨ ᠤᠶᠢᠯᠠᠭᠠᠵᠦ᠂ ᠳᠠᠷᠤᠢ ᠳᠤᠨᠢ ᠵᠠᠰᠠᠨ ᠵᠠᠯᠠᠷᠠᠭᠤᠯᠵᠦ᠂ ᠦᠢᠯᠡᠴᠢᠯᠡᠬᠦ ᠴᠢᠨᠠᠷ ᠴᠢᠨᠰᠠᠭ᠎ᠠ ᠪᠤᠯᠤᠨ ᠬᠢᠷᠢ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠭᠲᠡᠢ ᠃ ᠡᠭᠦᠨ ᠤ ᠬᠠᠮᠳᠤ᠂ ᠴᠢᠬᠤᠯᠠ ᠪᠤᠰᠤ ᠭᠤᠭᠴᠤᠭ᠎ᠠ ᠪᠤᠯᠤᠨ ᠭᠠᠷ ᠭᠦᠢᠴᠡᠳᠭᠡᠯ ᠢ ᠡᠷᠡᠰ ᠦᠭᠡᠶᠢᠰᠭᠡᠵᠦ᠂ ︽ᠪᠤᠰᠤᠳ ᠮᠠᠲ᠋ᠧᠷᠢᠶᠠᠯ︾ ︽ᠬᠤᠯᠪᠤᠭᠳᠠᠯ ᠪᠦᠬᠦᠢ ᠮᠠᠲ᠋ᠧᠷᠢᠶᠠᠯ︾ ᠵᠡᠷᠭᠡ ᠪᠠᠯᠠᠷᠬᠠᠢ ᠵᠥᠢᠯ ᠵᠤᠷᠪᠤᠰ ᠭᠠᠷᠭᠠᠬᠤ ᠦᠭᠡᠢ ᠪᠠᠶᠢᠵᠦ᠂ ᠡᠮᠨᠡᠯᠭᠡ ᠶᠢᠨ ᠪᠠᠲᠤᠯᠠᠭ᠎ᠠ ᠶᠢ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠳᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号