ᠠᠵᠢᠯ ᠠᠴᠠ ᠪᠠᠨ ᠠᠮᠠᠷᠠᠬᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠴᠦ ᠲᠡᠶᠢᠯᠦᠨ᠎ᠡ ᠤᠤ ᠥᠬᠡᠶ ᠤᠤ︖ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠠᠷᠢᠭᠤ ᠥᠭᠪᠡ︕
ᠨᠡᠶᠢᠲᠡᠯᠡᠭᠰᠡᠨ ᠴᠠᠭ᠄
2020/12/12
ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 28 ᠤ ᠡᠳᠦᠷ ᠤᠨ ᠮᠡᠳᠡᠭᠡ       ︵ᠰᠤᠷᠪᠤᠯᠵᠢᠯᠠᠭᠴᠢ ᠵᠢᠶᠠᠩ ᠯᠢᠨ︶ ᠡᠨᠡ ᠵᠢᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠬᠠᠰᠤᠵᠤ ᠭᠡᠯᠳᠦᠷᠢᠭᠦᠯᠬᠦ ᠡᠷᠴᠢᠮ ᠤᠷᠢᠳ ᠡᠮᠦᠨ᠎ᠡ ᠭᠠᠷᠤᠭ᠎ᠠ ᠥᠬᠡᠶ ᠴᠢᠩᠭᠠᠷᠠᠪᠠ᠃ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠳᠤ ᠦᠭᠭᠦ ᠪᠠᠯᠠ ᠮᠥᠩᠭᠦ ᠪᠠᠭ᠎ᠠ ᠪᠤᠯᠪᠠᠯ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠥᠯᠥᠭᠡᠯᠡᠨ᠎ᠡ ᠤᠤ ᠥᠬᠡᠶ ᠤᠤ︖ ᠡᠭᠦᠨ ᠤ ᠲᠤᠬᠠᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 28 ᠤ ᠡᠳᠦᠷ ᠬᠠᠷᠢᠭᠤ ᠥᠭᠬᠦ ᠳᠡᠭᠡᠨ᠂ ᠪᠠᠲᠤᠯᠠᠭ᠎ᠠ ᠲᠠᠢ ᠲᠠᠷᠬᠠᠭᠠᠬᠤ ᠪᠠᠷ ᠤᠷᠢᠳᠴᠢᠯᠠᠨ ᠪᠡᠯᠡᠳᠬᠡᠯ ᠪᠠ ᠲᠣᠬᠢᠷᠠᠭᠤᠯᠤᠯᠲᠠ ᠬᠢᠭᠰᠡᠨ ᠪᠥᠭᠡᠳ ᠪᠠᠰᠠ ᠨᠡᠯᠢᠶᠡᠳ ᠵᠤᠵᠠᠭᠠᠨ ᠪᠣᠳᠠᠰ ᠤᠨ ᠰᠠᠭᠤᠷᠢ ᠲᠠᠢ ᠪᠠᠶᠢᠨ᠎ᠠ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ ᠬᠡᠪᠡ᠃      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠠᠷᠤᠭ᠎ᠠ ᠨᠢᠶᠧ ᠮᠢᠩ ᠵᠢᠤᠸᠠᠨ ᠲᠤᠬᠠᠶ ᠶᠢᠨ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠤᠬᠳᠠᠮᠠᠯ ᠬᠤᠭᠤᠴᠠᠭᠠᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠲᠦᠷᠦᠭᠦᠤ ᠭᠤᠷᠪᠠᠨ ᠤᠯᠠᠷᠢᠯ ᠳᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦᠨ ᠤ ᠡᠷᠭᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠴᠢᠨᠠᠭᠰᠢᠯᠠᠪᠠᠯ ᠵᠢᠱᠢᠭᠰᠡᠨ ᠠᠴᠠ ᠰᠠᠶᠢᠨ ᠪᠠᠶᠢᠨ᠎ᠠ᠃ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠠᠴᠠ ᠠᠪᠴᠤ ᠦᠵᠡᠪᠡᠯ᠂ ᠪᠦᠬᠦ ᠣᠷᠣᠯᠭ᠎ᠠ 2.1 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠵᠠᠷᠤᠯᠭ᠎ᠠ 2. 8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠶ᠃ ᠬᠡᠳᠦ᠋ᠢᠪᠡᠷ ᠣᠬᠤᠷ ᠬᠤᠭᠤᠴᠠᠭᠠᠨ ᠳᠤ ᠣᠷᠣᠯᠭ᠎ᠠ ᠨᠢ ᠵᠠᠷᠤᠯᠭ᠎ᠠ ᠠᠴᠠ ᠪᠠᠨ ᠪᠠᠭ᠎ᠠ ᠪᠠᠶᠢᠭ᠎ᠠ ᠪᠣᠯᠪᠠᠴᠤ ᠰᠠᠭᠤᠷᠢ ᠮᠥᠩᠭᠦ ᠶᠢᠨ ᠦᠯᠡᠳᠡᠪᠦᠷᠢ ᠨᠢ ᠨᠡᠶᠢᠲᠡ 4.5 ᠲᠦᠮᠡᠨ ᠳ᠋ᠦᠩᠰᠢᠭᠤᠷ ᠲᠥᠭᠦᠷᠢᠭ ᠪᠤᠢ ᠬᠡᠵᠦ ᠬᠡᠯᠡᠯ᠎ᠡ᠃ ︽ᠨᠡᠶᠢᠭᠡᠮ ᠤᠨ ᠳᠠᠭᠠᠳᠬᠠᠯ ᠤᠨ ︿ᠬᠡᠯᠲᠦᠷᠢᠭᠦᠯᠬᠦ᠂ ᠬᠠᠰᠤᠬᠤ᠂ ᠬᠤᠶᠢᠰᠢᠯᠠᠭᠤᠯᠬᠤ﹀ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨ᠎ᠡ᠂ ᠪᠢᠳᠡ ᠳᠠᠷᠤᠶ ᠬᠦᠢᠴᠡᠳ ᠵᠢᠱᠢᠯᠲᠡ ᠪᠠ ᠨᠠᠷᠢᠨ ᠣᠨᠣᠪᠴᠢᠲᠠᠶ ᠲᠥᠰᠦᠭᠡᠯᠡᠨ ᠪᠣᠳᠣᠯᠲᠠ ᠬᠢᠵᠦ᠂ ᠪᠠᠲᠤᠯᠠᠭ᠎ᠠ ᠲᠠᠢ ᠲᠠᠷᠬᠠᠭᠠᠬᠤ ᠪᠠᠷ ᠲᠣᠬᠢᠷᠠᠭᠤᠯᠤᠯᠲᠠ ᠬᠢᠵᠡᠶ᠃ ᠵᠣᠩᠬᠢᠯᠠᠬᠤ ᠣᠯᠠᠩᠬᠢ ᠮᠤᠵᠢ ᠣᠷᠣᠨ ᠨᠢ ᠪᠠᠲᠤᠯᠠᠭ᠎ᠠ ᠲᠠᠢ ᠲᠠᠷᠬᠠᠭᠠᠬᠤ ᠳᠤ ᠠᠰᠠᠭᠤᠳᠠᠯ ᠦᠭᠡᠢ᠂ ᠣᠨᠴᠠ ᠵᠠᠷᠢᠮ ᠬᠦᠴᠢᠷᠳᠡᠯ ᠲᠠᠢ ᠮᠤᠵᠢ ᠣᠷᠣᠨ ᠨᠢ ᠲᠥᠪ ᠬᠤᠷᠢᠶᠠᠨ ᠤ ᠬᠠᠪᠰᠤᠷᠤᠯᠭ᠎ᠠ ᠳᠣᠣᠷ᠎ᠠ ᠪᠠᠲᠤᠯᠠᠭ᠎ᠠ ᠲᠠᠢ ᠲᠠᠷᠬᠠᠭᠠᠬᠤ ᠶᠢ ᠦᠨᠡᠨ ᠬᠦ ᠪᠠᠳᠤᠯᠠᠬᠤ ᠪᠤᠯᠤᠨ᠎ᠠ︾ ᠬᠡᠵᠦ ᠨᠢᠶᠧ ᠮᠢᠩ ᠵᠢᠤᠸᠠᠨ ᠬᠡᠯᠡᠪᠡ᠃       ᠲᠡᠷᠡ᠂ ᠡᠨᠡ ᠵᠢᠯ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠥᠪ ᠠᠴᠠ ᠲᠣᠬᠢᠷᠠᠭᠤᠯᠬᠤ ᠬᠠᠷᠢᠴᠠᠯ ᠢ 4% ᠪᠣᠯᠲᠠᠯ᠎ᠠ ᠳᠡᠭᠡᠭᠰᠢᠯᠡᠭᠦᠯᠵᠦ᠂ ᠪᠦᠬᠦ ᠵᠢᠯ ᠳᠤ ᠮᠤᠵᠢ ᠠᠯᠤᠰᠯᠠᠨ ᠲᠣᠬᠢᠷᠠᠭᠤᠯᠬᠤ ᠰᠠᠭᠤᠷᠢ ᠮᠥᠩᠭᠦ ᠶᠢᠨ ᠬᠡᠪᠴᠢᠶ᠎ᠡ ᠶᠢ 1768 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠡᠭᠦᠨ ᠠᠴᠠ ᠭᠠᠳᠠᠨ᠎ᠠ᠂ ᠡᠨᠡ ᠵᠢᠯ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠰᠬᠠᠶ ᠵᠦᠢᠯ ᠤᠨ ᠨᠥᠬᠦᠪᠥᠷᠢ ᠮᠥᠩᠭᠦ ᠶᠢ 5800 ᠭᠠᠷᠤᠶ ᠳ᠋ᠦᠩᠰᠢᠭᠤᠷ ᠲᠥᠭᠦᠷᠢᠭ ᠦᠭᠴᠦ᠂ ᠡᠯ᠎ᠡ ᠭᠠᠵᠠᠷ ᠢᠯᠠᠩᠭᠤᠶ᠎ᠠ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠪᠤᠯᠤᠨ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠶᠢ ᠬᠦᠴᠦᠲᠡᠶ ᠳᠡᠮᠵᠢᠪᠡ ᠬᠡᠵᠡᠢ᠃ ︽ᠪᠢᠳᠡ ᠡᠯ᠎ᠡ ᠭᠠᠵᠠᠷ ᠤᠨ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠷᠬᠢᠯᠳᠡ ᠶᠢᠨ ᠪᠠᠶᠢᠳᠠᠯ ᠢ ᠰᠠᠶᠢᠳᠤᠷ ᠠᠩᠬᠠᠷᠴᠤ᠂ ᠪᠡᠯᠡ ᠮᠥᠩᠭᠦ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢᠨ ᠬᠠᠮᠲᠤ ᠪᠠᠯᠠ ᠮᠥᠩᠭᠦ ᠲᠤᠬᠢᠷᠠᠭᠤᠯᠬᠤ ᠶᠢ ᠬᠠᠪᠰᠤᠷᠤᠨ ᠵᠣᠬᠢᠴᠠᠭᠤᠯᠵᠤ᠂ ᠨᠢᠭᠡ ᠶᠢ ᠴᠦ ᠠᠯᠳᠠᠬᠤ ᠦᠭᠡᠢ ᠪᠠᠷ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠶᠢ ᠦᠨᠡᠨ ᠬᠦ  ᠪᠠᠲᠤᠯᠠᠨ᠎ᠠ︾ ᠬᠡᠵᠦ ᠨᠢᠶᠧ ᠮᠢᠩ ᠵᠢᠤᠸᠠᠨ ᠬᠡᠯᠡᠵᠡᠢ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 9 ᠰᠠᠷ᠎ᠠ ᠶᠢᠨ ᠡᠴᠦᠰ ᠪᠣᠯᠲᠠᠯ᠎ᠠ᠂ ᠪᠥᠬᠦ ᠤᠯᠤᠰ ᠲᠤ 28635 ᠲᠦᠮᠡᠨ ᠠᠵᠢᠯᠲᠠᠨ ᠠᠵᠢᠯᠴᠢᠨ ᠳᠠᠭᠠᠳᠬᠠᠯ ᠳᠤ ᠣᠷᠣᠯᠴᠠᠵᠤ᠂ ᠨᠢᠳᠤᠨᠤᠨ ᠤ ᠵᠢᠯ ᠤᠨ ᠡᠴᠦᠰ ᠤᠨ ᠬᠢ ᠠᠴᠠ ᠪᠠᠨ 4.1% ᠪᠠᠷ ᠨᠡᠮᠡᠭᠳᠡᠪᠡ᠃ ᠨᠠᠰᠤᠨ ᠤ ᠠᠮᠠᠷᠠᠯᠳᠠ ᠪᠠᠨ ᠠᠪᠤᠬᠰᠠᠨ ᠪᠠ ᠠᠵᠢᠯ ᠠᠴᠠ ᠪᠠᠨ ᠠᠮᠠᠷᠠᠭᠰᠠᠨ ᠬᠥᠮᠦᠨ ᠤ ᠲᠤᠭ᠎ᠠ 10659 ᠲᠦᠮᠡ ᠳᠤ ᠬᠦᠷᠴᠦ᠂ ᠨᠢᠳᠤᠨᠤᠨ ᠤ ᠵᠢᠯ ᠤᠨ ᠡᠴᠦᠰ ᠤᠨ ᠬᠢ ᠠᠴᠠ ᠪᠠᠨ 2.5% ᠪᠠᠷ ᠨᠡᠮᠡᠭᠳᠡᠪᠡ᠃ http://mongol.people.com.cn/15828216.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号