ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ | ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ᠂ ᠡᠨᠡ ᠡᠳᠦᠷ ᠠᠴᠠ ᠡᠬᠢᠯᠡᠨ ᠡᠨᠡ | ᠵᠢᠯ ᠤᠨ 12 ᠰᠠᠷ᠎ᠠ ᠶᠢᠨ 31 ᠤ ᠡᠳᠦᠷ ᠪᠣᠯᠲᠠᠯ᠎ᠠ᠂ ᠲᠣᠰ ᠡᠮᠨᠡᠯᠭᠡ ᠶᠢᠨ ᠬᠤᠷᠢᠶ᠎ᠠ ᠥᠪᠥᠷ ᠮᠣᠩᠭᠤᠯ ᠣᠷᠣᠨ ᠠᠴᠠ | ᠤᠳᠤᠮᠰᠢᠯ ᠤᠨ ᠴᠢᠨᠠᠷᠲᠠᠶ ᠤᠨᠠᠳᠠᠭ ᠡᠪᠡᠳᠴᠢᠨ ᠲᠠᠢ 200 ᠬᠡᠤᠬᠡᠳ ᠢ ᠴᠤᠭᠯᠠᠭᠤᠯᠤᠨ ᠡᠮᠴᠢᠯᠡᠬᠦ ᠪᠦᠭᠡᠳ | ᠰᠦᠢᠳᠭᠡᠯ ᠬᠤᠷᠢᠶᠠᠬᠤ ᠥᠬᠡᠶ ᠪᠠᠷ WES ᠰᠢᠯᠭᠠᠨ ᠪᠠᠶᠢᠴᠠᠭᠠᠯᠲᠠ ᠬᠢᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠴᠤᠭᠯᠠᠭ᠎ᠠ ᠡᠮᠴᠢᠯᠡᠭᠡ ᠪᠣᠯ ᠤᠨᠠᠳᠠᠭ ᠡᠪᠡᠳᠴᠢᠨ ᠲᠠᠢ | ᠬᠡᠤᠬᠡᠳ ᠤᠨ ᠡᠪᠡᠳᠴᠢᠨ ᠤ ᠰᠢᠯᠲᠠᠭᠠᠨ ᠤ ᠤᠨᠤᠰᠢᠯᠠᠯᠲᠠ ᠶᠢ ᠠᠬᠢᠭᠤᠯᠬᠤ ᠶᠢᠨ ᠲᠥᠯᠥᠭᠡ ᠶᠤᠮ᠃ ᠲᠣᠰ | ᠡᠮᠨᠡᠯᠭᠡ ᠶᠢᠨ ᠬᠤᠷᠢᠶ᠎ᠠ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠪᠦᠷᠢᠨ ᠢᠯᠡᠷᠡᠭᠦᠯᠦᠭᠴᠢ ᠰᠢᠯᠭᠠᠨ | ᠬᠡᠮᠵᠢᠯᠲᠡ ᠶᠢᠨ ᠮᠡᠷᠭᠡᠵᠢᠯ ︵WES︶ ᠢ ᠬᠡᠷᠡᠭᠯᠡᠨ ᠤᠳᠤᠮᠰᠢᠯ ᠤᠨ ᠴᠢᠨᠠᠷᠲᠠᠢ ᠤᠨᠠᠳᠠᠭ ᠡᠪᠡᠳᠴᠢᠨ ᠡᠭᠦᠰᠭᠡᠬᠦ | ᠭᠧᠨ ᠢ ᠰᠤᠳᠤᠯᠵᠦ᠂ ᠭᠧᠨ ᠤ ᠳᠠᠪᠬᠤᠷᠭ᠎ᠠ ᠶᠢᠨ ᠰᠢᠰᠲ᠋ᠧᠮ ᠠᠴᠠ ᠤᠳᠤᠮᠰᠢᠯ ᠤᠨ ᠴᠢᠨᠠᠷᠲᠠᠶ ᠤᠨᠠᠳᠠᠭ ᠡᠪᠡᠳᠴᠢᠨ ᠢ | ᠪᠠᠶᠢᠴᠠᠭᠠᠵᠤ᠂ ᠭᠧᠨ ᠤ ᠰᠢᠨ᠎ᠡ ᠤᠨᠤᠰᠢ ᠴᠡᠭ ᠢ ᠢᠯᠡᠷᠡᠭᠦᠯᠵᠦ᠂ ᠬᠡᠤᠬᠡᠳ ᠤᠨ ᠤᠨᠠᠳᠠᠭ ᠡᠪᠡᠳᠴᠢᠨ ᠤ | ᠰᠤᠳᠤᠯᠤᠯ ᠳᠤ ᠣᠨᠣᠯ ᠤᠨ ᠰᠠᠭᠤᠷᠢ ᠬᠠᠩᠭᠠᠵᠦ᠂ ᠡᠪᠡᠳᠴᠢᠨ ᠡᠮᠭᠡᠭ ᠢ ᠣᠨᠣᠰᠢᠯᠠᠬᠤ᠂ ᠡᠮᠨᠡᠨ ᠵᠠᠰᠠᠬᠤ ᠪᠠ | ᠤᠷᠢᠳᠴᠢᠯᠠᠨ ᠰᠡᠷᠭᠡᠶᠢᠯᠡᠬᠦ ᠶᠢ ᠠᠬᠢᠭᠤᠯᠬᠤ ᠪᠠᠷ ᠪᠠᠶᠢᠭ᠎ᠠ ᠶᠤᠮ᠃ ᠡᠭᠦᠨ ᠤ ᠬᠠᠮᠲᠤ᠂ ᠥᠪᠥᠷ ᠮᠣᠩᠭᠤᠯ ᠣᠷᠣᠨ ᠤ | ᠤᠨᠠᠳᠠᠭ ᠡᠪᠡᠳᠴᠢᠨ ᠤ ᠬᠤᠪᠢᠰᠤᠯ ᠤᠨ ᠳ᠋ᠠᠶᠢᠲ᠋ᠠ ᠬᠥᠮᠥᠷᠭᠡ ᠶᠢ ᠭᠠᠷᠳᠠᠨ ᠪᠠᠶᠢᠭᠤᠯᠵᠤ᠂ ᠭᠦᠨᠵᠡᠭᠡᠢ ᠰᠤᠳᠤᠯᠬᠤ ᠳᠤ | ᠰᠠᠭᠤᠷᠢ ᠲᠠᠯᠪᠢᠬᠤ ᠪᠤᠯᠤᠨ᠎ᠠ᠃ ᠡᠨᠡ ᠨᠢ ᠡᠪᠡᠳᠴᠢᠨ ᠤ ᠰᠢᠯᠲᠠᠭᠠᠨ ᠲᠣᠳᠣ ᠦᠭᠡᠢ ᠭᠡᠷ ᠪᠦᠯᠢ ᠶᠢᠨ ᠴᠢᠨᠠᠷᠲᠠᠢ | ᠤᠨᠠᠳᠠᠭ ᠡᠪᠡᠳᠴᠢᠨ ᠤ ᠰᠢᠯᠲᠠᠭ᠎ᠠ ᠶᠢ ᠡᠷᠢᠵᠦ ᠤᠯᠤᠨ᠂ ᠣᠨᠣᠰᠢᠯᠠᠬᠤ ᠦᠨᠳᠦᠰᠦᠯᠡᠯ ᠬᠠᠩᠭᠠᠵᠤ᠂ ᠡᠷ᠎ᠡ ᠡᠮ᠎ᠡ | ᠬᠤᠶᠠᠭᠤᠯᠠ ᠶᠢᠨ ᠳᠠᠷᠠᠭ᠎ᠠ ᠨᠢᠭᠡ ᠬᠡᠤᠬᠡᠳ ᠠᠪᠬᠤ ᠳᠤ ᠵᠢᠯᠤᠭᠤᠳᠤᠯᠭ᠎ᠠ ᠬᠠᠩᠭᠠᠬᠤ ᠪᠤᠯᠤᠨ᠎ᠠ᠃ ᠲᠤᠰ ᠵᠦᠢᠯ ᠤᠨ | ᠰᠤᠳᠤᠯᠭᠠᠨ ᠳᠠᠬᠢ ᠲᠠᠩ ᠭᠧᠨ ᠳᠤ ᠬᠤᠯᠪᠤᠭᠳᠠᠬᠤ ᠤᠨᠠᠳᠠᠭ ᠡᠪᠡᠳᠴᠢᠨ ᠳᠤ ᠭᠤᠣᠯᠳᠠᠭᠤ ᠳᠣᠣᠷᠠᠬᠢ ᠲᠠᠪᠤᠨ | ᠵᠦᠢᠯ ᠤᠨ ᠤᠨᠠᠳᠠᠭ ᠡᠪᠡᠳᠴᠢᠨ ᠪᠠᠭᠲᠠᠨ᠎ᠠ᠄ ᠳᠤᠮᠳᠠ ᠴᠢᠮᠠᠷᠬᠠᠢ ᠶᠢᠨ ᠠᠷᠤ ᠳᠣᠯᠭᠢᠶᠠᠨ ᠤ ᠭᠤᠯᠣᠮᠲᠠ ᠳᠠᠭᠠᠭᠰᠠᠨ | ᠬᠤᠤᠷ ᠦᠭᠡᠢ ᠴᠢᠨᠠᠷᠲᠠᠢ ᠬᠡᠦᠬᠡᠳ ᠤᠨ ᠤᠨᠠᠳᠠᠭ ᠡᠪᠡᠳᠴᠢᠨ᠂ ᠨᠢᠯᠬ᠎ᠠ ᠬᠡᠦᠬᠡᠳ ᠤᠨ ᠬᠤᠤᠷ ᠦᠭᠡᠢ ᠴᠢᠨᠠᠷᠲᠠᠢ | ᠤᠨᠠᠳᠠᠭ ᠡᠪᠡᠳᠴᠢᠨ᠂ ᠬᠡᠦᠬᠡᠳ ᠤᠨ ᠪᠤᠯᠴᠢᠩ ᠲᠠᠲᠠᠬᠤ ᠴᠢᠨᠠᠷᠲᠠᠢ ᠤᠨᠠᠳᠠᠭ ᠡᠪᠡᠳᠴᠢᠨ᠂ ᠨᠢᠷᠠᠢ ᠬᠡᠦᠬᠡᠳ ᠤᠨ | ᠰᠤᠴᠢᠨ ᠮᠠᠨᠠᠷᠠᠬᠤ ᠪᠠ ᠡᠷᠲᠡ ᠡᠭᠦᠰᠦᠯ ᠤᠨ ᠤᠨᠠᠳᠠᠭ ᠡᠪᠡᠳᠴᠢᠨ ᠤ ᠴᠢᠨᠠᠷᠲᠠᠢ ᠲᠠᠷᠢᠬᠢᠨ ᠡᠪᠡᠳᠴᠢᠨ ᠵᠡᠷᠭᠡ | ᠪᠣᠯᠤᠨ᠎ᠠ᠃ ᠳᠣᠤᠷᠠᠬᠢ ᠨᠥᠬᠦᠴᠡᠯ ᠳᠤ ᠨᠡᠶᠢᠴᠡᠪᠡᠯ ᠴᠥᠮ ᠨᠡᠷ᠎ᠡ ᠮᠡᠳᠡᠭᠦᠯᠵᠦ ᠪᠣᠯᠤᠨ᠎ᠠ᠄ | 0 — 18 ᠨᠠᠰᠤ︔ ᠰᠤᠳᠤᠯᠭᠠᠨ ᠤ ᠬᠦᠷᠢᠶ᠎ᠡ ᠬᠡᠪᠴᠢᠶ᠎ᠡ ᠳᠤ ᠲᠤᠲᠤᠷᠬᠠᠶᠢᠯᠠᠭᠳᠠᠭᠰᠠᠨ ᠤᠨᠠᠳᠠᠭ | ᠡᠪᠡᠳᠴᠢᠲᠡᠨ︔ ᠰᠢᠯᠲᠠᠭᠠᠨ ᠨᠢ ᠲᠣᠳᠣᠷᠬᠠᠢ ᠦᠭᠡᠢ ᠤᠵᠢᠭ ᠴᠢᠨᠠᠷᠲᠠᠢ ᠤᠨᠠᠳᠠᠭ ᠡᠪᠡᠳᠴᠢᠲᠡᠨ︔ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ | ᠬᠤᠷᠢᠶ᠎ᠠ ᠶᠢᠨ ᠬᠡᠤᠬᠡᠳ ᠤᠨ ᠳᠣᠲᠣᠷ ᠰᠠᠯᠠᠭᠠᠨ ᠤ ᠲᠤᠰᠬᠠᠶ ᠮᠡᠷᠭᠡᠵᠢᠯᠲᠡᠨ ᠤᠨᠤᠰᠢᠯᠠᠭᠰᠠᠨ ᠪᠤᠯ ᠰᠢᠭᠤᠳ | ᠳᠤᠭᠤᠶᠢᠯᠠᠩ ᠳᠤ ᠣᠷᠣᠵᠤ ᠪᠣᠯᠤᠨ᠎ᠠ︔ ᠦᠭᠡᠷ᠎ᠡ ᠡᠮᠨᠡᠯᠭᠡ ᠳᠤ ᠣᠨᠣᠰᠢᠯᠠᠭᠰᠠᠨ ᠤᠨᠠᠳᠠᠭ ᠡᠪᠡᠳᠴᠢᠲᠡᠨ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ | ᠬᠤᠷᠢᠶ᠎ᠠ ᠶᠢᠨ ᠬᠡᠦᠬᠡᠳ ᠤᠨ ᠳᠣᠲᠣᠷ ᠰᠠᠯᠠᠭᠠᠨ ᠤ ᠲᠤᠰᠬᠠᠢ ᠮᠡᠷᠭᠡᠵᠢᠯᠲᠡᠨ ᠢᠶᠠᠷ ᠤᠨᠤᠰᠢᠯᠠᠭᠤᠯᠤᠭᠰᠠᠨ ᠤ ᠳᠠᠷᠠᠭ᠎ᠠ | ᠳᠤᠭᠤᠶᠢᠯᠠᠩ ᠳᠤ ᠤᠷᠤᠵᠦ ᠪᠤᠯᠤᠨ᠎ᠠ᠃ ᠤᠳᠤᠮᠰᠢᠯ ᠤᠨ ᠪᠤᠰᠤ ᠡᠪᠡᠳᠴᠢᠨ ᠤ ᠰᠢᠯᠲᠠᠭᠠᠨ ᠠᠴᠠ ᠪᠣᠯᠤᠭᠰᠠᠨ | ᠤᠨᠠᠳᠠᠭ ᠡᠪᠡᠳᠴᠢᠨ ᠢ ᠪᠠᠭᠲᠠᠭᠠᠬᠤ ᠦᠭᠡᠢ᠃ ᠵᠢᠱᠢᠶᠡᠯᠡᠪᠡᠯ ᠲᠠᠷᠢᠬᠢᠨ ᠤ ᠭᠠᠳᠠᠷ ᠰᠢᠷᠬ᠎ᠠ᠂ ᠲᠠᠷᠢᠬᠢᠨ ᠤ ᠦᠷᠪᠢᠰᠦᠯ | ᠵᠡᠷᠭᠡ᠃ ᠤᠨᠠᠳᠠᠭ ᠡᠪᠡᠳᠴᠢᠨ ᠤ ᠢᠯᠡᠷᠡᠯ ᠲᠠᠢ ᠪᠠᠶᠢᠭᠠᠳ ᠤᠨᠤᠰᠢᠯᠠᠭᠠᠳᠤᠢ ᠡᠪᠡᠳᠴᠢᠲᠡᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠶᠢᠨ | ᠬᠡᠦᠬᠡᠳ ᠤᠨ ᠳᠣᠲᠣᠷ ᠰᠠᠯᠠᠭᠠᠨ ᠤ ᠡᠭᠦᠳᠡᠨ ᠡᠮᠨᠡᠯᠭᠡ ᠳᠤ ᠡᠮᠨᠡᠭᠦᠯᠦᠨ᠂ ᠬᠤᠯᠪᠣᠭᠳᠠᠯ ᠪᠦᠬᠦᠢ ᠪᠠᠶᠢᠴᠠᠭᠠᠯᠲᠠ ᠬᠢᠵᠦ | ᠣᠨᠣᠰᠢᠯᠠᠨ᠎ᠠ᠃ ᠨᠢᠭᠡᠨᠲᠡ ᠣᠨᠣᠰᠢᠯᠠᠭᠰᠠᠨ ᠡᠪᠡᠳᠴᠢᠲᠡᠨ᠂ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠤ ᠶᠢ ᠬᠠᠮᠠᠭᠠᠯᠠᠬᠤ ᠡᠮᠨᠡᠯᠭᠡ ᠶᠢᠨ | ᠬᠤᠷᠢᠶ᠎ᠠ ᠶᠢᠨ ᠬᠡᠤᠬᠡᠳ ᠤᠨ ᠳᠣᠲᠣᠷ ᠰᠠᠯᠠᠭᠠᠨ ᠤ ᠡᠭᠦᠳᠡᠨ ᠡᠮᠨᠡᠯᠭᠡ ᠳᠤ ᠳ᠋ᠤᠭᠠᠷᠯᠠᠵᠤ ᠠᠰᠠᠭᠤᠨ ᠯᠠᠪᠯᠠᠭᠰᠠᠨ ᠴᠦ | ᠪᠤᠯᠤᠨ᠎ᠠ᠃ | ᠬᠡᠷᠪᠡ ᠠᠰᠠᠭᠤᠨ ᠯᠠᠪᠯᠠᠬᠤ ᠴᠢᠬᠤᠯᠠ ᠲᠠᠢ ᠪᠣᠯ ᠤᠲᠠᠰᠤ ᠠᠪᠴᠤ ᠪᠣᠯᠤᠨ᠎ᠠ᠄ | 0471-6357704᠂ 6357707 | ᠭᠠᠷᠠᠭ ᠤᠨ ᠨᠢᠭᠡᠨ ᠠᠴᠠ ᠭᠠᠷᠠᠭ ᠤᠨ ᠲᠠᠪᠤᠨ 8᠄ 00 — 12᠄ 00᠂ 14᠄ 30 — 17᠄ | 00᠃ | ︵ᠰᠤᠷᠪᠤᠯᠵᠢᠯᠠᠭᠴᠢ ᠯᠢᠶᠠᠩ ᠵᠢᠩ ᠮᠧᠶ︶ | http://mongol.people.com.cn/15826474.html |