ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠢᠷᠡᠬᠦ ᠭᠤᠷᠪᠠᠨ ᠵᠢᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠪᠠᠲᠤᠯᠠᠬᠤ ᠴᠠᠭ ᠠᠭᠤᠷ ᠤᠨ ᠦᠢᠯᠡᠴᠢᠯᠡᠭᠡ ᠶᠢ ᠲᠣᠳᠣᠷᠬᠠᠶᠢᠯᠠᠪᠠ
ᠨᠡᠶᠢᠲᠡᠯᠡᠭᠰᠡᠨ ᠴᠠᠭ᠄
2020/12/12
     ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠣᠶᠢᠷ᠎ᠠ ᠳᠤ ︽ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠴᠠᠭ ᠠᠭᠤᠷ ᠤᠨ ᠪᠠᠲᠤᠯᠠᠭ᠎ᠠ ᠶᠢᠨ ᠣᠶᠢᠯᠡᠴᠢᠯᠡᠭᠡᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2021 — 2023 ᠣᠨ︶︾ ︵ᠳᠣᠷᠣᠭᠰᠢ ︽ᠲᠥᠯᠥᠪᠯᠡᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠦ᠂ ᠴᠠᠭ ᠠᠭᠤᠷ ᠤᠨ ᠦᠢᠯᠡᠴᠢᠯᠡᠭᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠶᠤᠯᠭᠦᠶ ᠣᠶᠢᠯᠡᠳᠪᠣᠷᠢᠯᠡᠯ ᠢ ᠪᠠᠲᠤᠯᠠᠬᠤ᠂ ᠲᠠᠷᠢᠶᠠᠴᠢᠨ ᠮᠠᠯᠴᠢᠳ ᠤᠨ ᠭᠠᠷᠤᠯᠲᠠ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠴᠠᠭ ᠠᠭᠤᠷ ᠤᠨ ᠬᠦᠴᠦᠲᠠᠢ ᠣᠶᠢᠯᠡᠴᠢᠯᠡᠭᠡ ᠬᠠᠩᠭᠠᠬᠤ ᠪᠠᠷ ᠪᠠᠶᠢᠨ᠎ᠠ᠃ ︽ᠲᠥᠯᠥᠪᠯᠡᠭᠡ︾ ᠳᠤ ᠢᠷᠡᠬᠦ ᠭᠤᠷᠪᠠᠨ ᠵᠢᠯ ᠳᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠶᠢᠨ ᠲᠤᠭᠤᠷᠢᠨ ᠳᠠᠬᠢ ᠴᠠᠭ ᠠᠭᠤᠷ ᠤᠨ ᠦᠢᠯᠡᠴᠢᠯᠡᠭᠡ ᠶᠢ ᠪᠠᠲᠤᠯᠠᠬᠤ ᠡᠭᠦᠷᠭᠡ ᠶᠢ ᠲᠣᠳᠣᠷᠬᠠᠢ ᠲᠣᠭᠳᠠᠭᠠᠠᠪᠠ᠃      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠡᠭᠦᠳᠦᠭᠰᠡᠨ ᠡᠷᠳᠡᠨᠢ ᠰᠢᠰᠢ᠂ ᠪᠤᠭᠤᠳᠠᠢ᠂ ᠲᠥᠮᠥᠰᠥ᠂ ᠢᠳᠡᠰᠢᠨ ᠬᠤᠨᠢ᠂ ᠢᠳᠡᠰᠢᠨ ᠦᠬᠡᠷ ᠵᠡᠷᠭᠡ 15 ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠᠷ ᠭᠤᠤᠯᠯᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠬᠢᠨᠠᠨ ᠬᠡᠮᠵᠢᠬᠦ ᠥᠷᠲᠡᠭᠡ ᠶᠢᠨ ᠰᠦᠯᠵᠢᠶ᠎ᠡ ᠶᠢ ᠰᠢᠯᠢᠳᠡᠭᠵᠢᠭᠦᠯᠥᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠠᠨᠳᠣᠯᠭᠠᠳᠣ ᠴᠢᠨᠠᠷ ᠢ ᠳᠡᠭᠡᠭᠰᠢᠯᠡᠭᠦᠯᠵᠦ᠂ ᠬᠦᠨᠳᠦ ᠶᠡᠭᠡ ᠴᠠᠭ ᠠᠭᠤᠷ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠳᠠᠮᠵᠢᠭᠤᠯᠤᠨ ᠲᠠᠷᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠠᠶᠢᠳᠡᠮ ᠪᠠᠶᠢᠴᠠᠭᠠᠯᠲᠠ ᠶᠢ ᠥᠷᠨᠢᠭᠦᠯᠵᠦ᠂ ᠦᠨᠳᠦᠰᠦᠨ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠨᠢᠭᠡᠳᠦᠭᠡᠷ ᠰᠡᠷᠬᠡᠶᠢᠯᠡᠯᠳᠡ ᠶᠢᠨ ᠱᠤᠭᠤᠮ︾ ᠢ ᠪᠠᠲᠤ ᠪᠠᠬᠢ ᠪᠠᠶᠢᠭᠤᠯᠤᠨ᠎ᠠ᠃ ᠬᠡᠷᠡᠭᠯᠡᠭᠴᠢ ᠶᠢᠨ ᠦᠢᠯᠡ ᠠᠵᠢᠯᠯᠠᠭ᠎ᠠ ᠶᠢᠨ ᠵᠠᠳᠠᠯᠤᠯᠲᠠ ᠪᠤᠶᠤ ᠬᠡᠷᠡᠭᠯᠡᠭᠴᠢ ᠪᠠᠷ ᠳᠠᠮᠵᠢᠭᠤᠯᠤᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠪᠣᠯᠬᠤ ᠲᠠᠷᠢᠶᠠᠯᠠᠩ ᠮᠠᠯ ᠠᠵᠤ ᠠᠬᠤᠢ ᠶᠢᠨ ᠣᠶᠢᠯᠡᠳᠪᠣᠷᠢᠯᠡᠯ ᠤᠨ ᠲᠤᠭ᠎ᠠ ᠪᠠᠷᠢᠮᠲᠠ ᠯᠤᠭ᠎ᠠ ᠠᠭᠤᠰᠤᠯᠴᠠᠭᠰᠠᠨ ᠥᠪᠡᠷᠮᠢᠴᠡ᠂ ᠣᠶᠤᠨᠴᠢ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠣᠶᠢᠯᠡᠴᠢᠯᠡᠭᠡᠨ ᠢ ᠪᠡᠶᠡᠯᠡᠬᠦᠯᠵᠣ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠣᠶᠢᠯᠡᠴᠢᠯᠡᠭᠡᠨ ᠤ ᠤᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠠᠭᠤᠷ ᠠᠮᠢᠰᠬᠤᠯ ᠳᠤ ᠲᠤᠬᠢᠷᠠᠬᠤ ᠪᠦᠲᠣᠭᠡᠭᠳᠡᠬᠦᠨ︾ ᠢ ᠦᠨᠡᠯᠡᠵᠦ ᠪᠠᠲᠤᠯᠠᠬᠤ ᠠᠵᠢᠯ ᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠣᠭᠡᠭᠳᠡᠬᠦᠨ ᠤ ᠨᠡᠷᠡᠲᠦ ᠲᠡᠮᠳᠡᠭᠲᠦ ᠶᠢᠨ ᠦᠢᠯᠡᠳᠦᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠰᠤ ᠠᠷᠪᠢᠯᠠᠬᠤ ᠂ ᠲᠡᠵᠢᠭᠡᠯ ᠡᠪᠡᠰᠦ ᠶᠢ ᠡᠭᠡᠯᠵᠢᠯᠡᠨ ᠬᠠᠳᠤᠬᠤ᠂ ᠪᠤᠭᠤᠳᠠᠢ ᠬᠤᠷᠢᠶᠠᠭᠰᠠᠨ ᠠᠴᠠ ᠰᠡᠭᠦᠯᠡᠷ ᠨᠡᠷᠡᠨ ᠬᠤᠸᠠᠷ ᠰᠢᠯᠵᠢᠭᠦᠯᠦᠨ ᠵᠠᠶᠢᠯᠠᠬᠤ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠬᠡᠷᠡᠭᠯᠡᠭᠡᠨ ᠤ ᠮᠡᠷᠭᠡᠵᠢᠯ ᠢ ᠵᠢᠱᠢᠶ᠎ᠡ ᠦᠵᠡᠬᠦᠯᠣᠨ ᠳᠡᠯᠭᠡᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠴᠠᠭ ᠠᠭᠤᠷ ᠤᠨ ᠣᠶᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠴᠢᠨᠠᠷ ᠰᠠᠶᠢᠲᠠᠢ ᠴᠠᠭ ᠠᠭᠤᠷ ᠤᠨ ᠪᠠᠲᠤᠯᠠᠭ᠎ᠠ ᠬᠠᠩᠭᠠᠨ᠎ᠠ᠃      ︵ᠰᠤᠷᠪᠤᠯᠵᠢᠯᠠᠭᠴᠢ ᠮᠢᠶᠣᠣ ᠴᠢᠩ︶      http://mongol.people.com.cn/15826504.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号