ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ ᠨᠡᠶᠢᠭᠡᠮᠯᠢᠭ ︽ᠬᠤᠤᠰ ᠪᠠᠶᠠᠷ ︾ ᠤᠨ ᠬᠡᠷᠡᠭᠯᠡᠭᠡᠨ ᠤ ᠰᠡᠷᠡᠮᠵᠢ ᠪᠠᠭᠤᠯᠭᠠᠪᠠ
ᠨᠡᠶᠢᠲᠡᠯᠡᠭᠰᠡᠨ ᠴᠠᠭ᠄
2020/12/12
     ᠤᠯᠤᠰ ᠤᠨ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ ᠬᠦᠷᠴᠦ ᠢᠷᠡᠬᠦ ᠪᠠᠷ᠂ ᠦᠷᠭᠡᠨ ᠤᠯᠠᠨ ᠬᠡᠷᠡᠭᠯᠡᠭᠴᠢᠳ ᠢ ᠠᠮᠤᠷ ᠲᠦᠪᠰᠢᠨ᠂ ᠡᠩᠬᠡ ᠠᠮᠤᠭᠤᠯᠠᠩᠳᠤ ︽ᠬᠤᠤᠰ ᠪᠠᠶᠠᠷ︾ ᠢᠶᠠᠨ ᠲᠡᠮᠲᠡᠭᠯᠡᠬᠦᠯᠬᠦ ᠶᠢᠨ ᠲᠦᠯᠦᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ︽ᠬᠤᠤᠰ ᠪᠠᠶᠠᠷ︾ ᠤᠨ ᠬᠤᠭᠤᠴᠠᠭᠠᠨ ᠤ ᠬᠡᠷᠡᠭᠯᠡᠭᠡ ᠳᠡᠭᠡᠨ ᠲᠤᠤᠷᠠᠬᠢ ᠵᠦᠢᠯ ᠢ ᠠᠩᠬᠠᠷᠬᠤ ᠪᠤᠯᠪᠠ ᠤᠤ ᠭᠡᠵᠦ ᠰᠡᠷᠡᠮᠵᠢ ᠦᠭᠴᠦ ᠪᠠᠶᠢᠨ᠎ᠠ᠃      ᠪᠠᠶᠠᠷ ᠤᠨ ᠡᠲᠦᠷ ᠤᠨ ᠬᠤᠭᠤᠴᠠᠭᠠᠨ ᠳᠤ ᠬᠡᠵᠢᠭ ᠤᠨ ᠪᠠᠶᠢᠲᠠᠯ ᠤᠨ ᠰᠡᠷᠭᠡᠶᠢᠯᠡᠯᠲᠡ ᠡᠵᠡᠮᠲᠡᠯ ᠢᠶᠠᠨ ᠠᠩᠬᠠᠷᠬᠤ ᠬᠡᠷᠡᠭᠲᠡᠢ᠃ ᠭᠠᠲᠠᠬᠰᠢ ᠭᠠᠷᠴᠤ ᠬᠡᠷᠡᠭᠯᠡᠭᠡᠨ ᠬᠢᠬᠦ ᠳᠡᠭᠡᠨ᠂ ᠬᠤᠪᠢ ᠬᠦᠮᠦᠨ ᠤ ᠬᠠᠮᠠᠭᠠᠯᠠᠯᠲᠠ ᠪᠠᠨ ᠰᠠᠶᠢᠳᠤᠷ ᠬᠢᠬᠦ ᠬᠡᠷᠡᠭᠲᠡᠢ᠂ ᠬᠦᠮᠦᠨ ᠬᠠᠷ᠎ᠠ ᠤᠯᠠᠨ ᠭᠠᠵᠠᠷ ᠲᠤ ᠠᠮᠠᠪᠴᠢ ᠪᠠᠨ ᠵᠠᠪᠠᠯ ᠵᠡᠬᠦᠵᠦ᠂ ᠬᠤᠪᠢ ᠬᠦᠮᠦᠨ ᠤ ᠡᠷᠡᠬᠦᠯ ᠬᠠᠮᠠᠭᠠᠯᠠᠯ ᠢᠶᠠᠨ ᠠᠩᠬᠠᠷᠴᠤ᠂ ᠭᠠᠷ ᠢᠶᠠᠨ ᠢᠯᠡᠬᠦᠭᠡᠬᠡᠨ ᠤᠬᠢᠶᠠᠵᠤ᠂ ᠬᠡᠵᠢᠭ ᠤᠨ ᠪᠠᠶᠢᠲᠠᠯ ᠤᠨ ᠰᠡᠷᠭᠡᠶᠢᠯᠡᠯᠲᠡ ᠡᠵᠡᠮᠲᠡᠯ ᠤᠨ ᠱᠠᠭᠠᠷᠲᠠᠯᠭ᠎ᠠ ᠪᠠᠷ ᠬᠡᠷᠡᠭᠯᠡᠭᠡᠨ ᠤ ᠲᠠᠯᠠᠪᠤᠷ ᠤᠨ ᠡᠷᠡᠬᠦᠯ ᠤᠨ ᠺᠤᠳ᠋ ᠰᠢᠯᠭᠠᠬᠤ᠂ ᠪᠡᠶ᠎ᠡ ᠶᠢᠨ ᠲᠤᠯᠠᠭᠠᠨ ᠢ ᠬᠡᠮᠵᠢᠬᠦ ᠵᠡᠷᠭᠡ ᠠᠵᠢᠯ ᠳᠤ ᠬᠠᠮᠵᠢᠯᠴᠠᠨ᠂ ᠬᠡᠷᠡᠭᠯᠡᠭᠡᠨ ᠤ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠬᠤ ᠬᠡᠷᠡᠭᠲᠡᠢ᠂ ᠬᠡᠷᠪᠡ ᠪᠡᠶ᠎ᠡ ᠬᠠᠯᠠᠭᠤᠷᠠᠬᠤ ᠪᠤᠶᠤ ᠡᠰᠡᠬᠦᠯ᠎ᠡ ᠬᠠᠯᠠᠭᠤᠷᠠᠭᠠᠳ ᠪᠠᠭᠤᠷᠠᠬᠤ ᠦᠭᠡᠢ ᠪᠠᠶᠢᠲᠠᠯ ᠭᠠᠷᠪᠠᠯ ᠲᠠᠷᠤᠢ ᠲᠤᠤᠷ᠎ᠠ ᠪᠠᠨ ᠡᠮᠨᠡᠬᠦᠯᠬᠦ ᠬᠡᠷᠡᠭᠲᠡᠢ᠃      ᠵᠢᠭᠤᠯᠴᠢᠯᠠᠯ ᠤᠨ ᠬᠡᠷᠡᠭᠯᠡᠭᠡᠨ ᠢᠶᠠᠨ ᠵᠦᠢ ᠵᠤᠬᠢᠰᠲᠠᠢ ᠲᠤᠬᠢᠷᠠᠭᠤᠯᠤᠨ᠎ᠠ᠃ ᠬᠡᠷᠪᠡ ᠪᠦᠯᠬᠦᠮ ᠢᠶᠠᠷ ᠵᠤᠭᠠᠴᠠᠬᠤ ᠰᠤᠩᠭᠤᠯᠲᠠ ᠬᠢᠪᠡᠯ ᠬᠢᠷᠢ ᠬᠡᠮ ᠤᠨ ᠭᠡᠷᠡᠴᠢᠯᠡᠯ ᠲᠠᠢ ᠵᠢᠭᠤᠯᠴᠢᠯᠠᠬᠴᠢᠳ ᠤᠨ ᠬᠤᠷᠢᠶ᠎ᠠ ᠶᠢ ᠰᠤᠩᠭᠤᠨ᠎ᠠ᠃ ᠬᠠᠮᠤᠭ ᠤᠨ ᠰᠠᠶᠢᠨ ᠨᠢ ᠬᠡᠪᠴᠢᠶ᠎ᠡ ᠪᠠᠷ ᠶᠡᠭᠡ᠂ ᠢᠲᠡᠭᠡᠮᠵᠢ ᠦᠨᠲᠦᠷ ᠵᠢᠭᠤᠯᠴᠢᠯᠠᠬᠴᠢᠳ ᠤᠨ ᠬᠤᠷᠢᠶ᠎ᠠ ᠶᠢ ᠰᠤᠩᠭᠤᠪᠠᠯ ᠰᠠᠶᠢᠨ︔ ᠵᠢᠭᠤᠯᠴᠢᠯᠡᠯ ᠤᠨ ᠪᠦᠲᠣᠭᠡᠭᠳᠡᠬᠦᠨ ᠤ ᠦᠨ᠎ᠡ ᠬᠠᠩᠰᠢ ᠨᠢ ᠲᠤᠬᠢᠮᠵᠢᠲᠠᠢ ᠵᠢᠭᠤᠯᠴᠢᠯᠠᠬᠴᠢᠳ ᠤᠨ ᠬᠤᠷᠢᠶ᠎ᠠ ᠶᠢ ᠰᠤᠩᠭᠤᠨ᠎ᠠ︔ ᠲᠤᠤᠷ᠎ᠠ ᠬᠠᠩᠰᠢ ᠲᠠᠢ ᠵᠢᠭᠤᠯᠴᠢᠯᠠᠯ ᠤᠨ ᠤᠨᠠᠭᠤᠯᠢ ᠠᠴᠠ ᠰᠡᠷᠭᠡᠶᠢᠯᠡᠬᠦ ᠬᠡᠷᠡᠭᠲᠡᠢ︔ ᠵᠢᠭᠤᠯᠴᠢᠯᠠᠬᠴᠢᠳ ᠤᠨ ᠬᠤᠷᠢᠶ᠎ᠠ ᠯᠤᠭ᠎ᠠ ᠵᠢᠩᠭᠢᠨᠢ ᠭᠡᠷ᠎ᠡ ᠲᠤᠭᠲᠠᠵᠤ᠂ ᠪᠦᠯᠬᠦᠮ ᠢᠶᠠᠷ ᠵᠤᠭᠠᠴᠠᠬᠤ ᠵᠠᠷᠤᠲᠠᠯ ᠳᠤ ᠠᠬᠤᠭᠤᠯᠤᠬᠰᠠᠨ ᠦᠵᠡᠮᠵᠢ ᠶᠢᠨ ᠴᠢᠭ ᠤᠨ ᠲᠦᠷᠦᠯ ᠵᠦᠢᠯ ᠢ ᠲᠤᠲᠤᠷᠬᠠᠶᠢᠯᠠᠵᠤ᠂ ᠭᠡᠷ᠎ᠡ ᠠᠴᠠ ᠵᠦᠷᠢᠴᠡᠭᠰᠡᠨ᠂ ᠬᠠᠷᠢᠭᠤᠴᠠᠯᠭ᠎ᠠ ᠬᠡᠯᠲᠦᠷᠢᠬᠦᠯᠬᠦ ᠵᠢᠴᠢ ᠮᠦᠩᠭᠦ ᠪᠤᠴᠠᠭᠠᠬᠤ ᠵᠤᠷᠪᠤᠰ ᠢ ᠲᠤᠲᠤᠷᠬᠠᠶᠢᠯᠠᠬᠤ ᠮᠦᠷᠲᠡᠭᠡᠨ ᠬᠠᠮᠢᠶ᠎ᠠ ᠪᠦᠬᠦᠢ ᠪᠠᠷᠢᠮᠲᠠ ᠪᠠᠨ ᠦᠯᠡᠲᠡᠭᠡᠵᠦ ᠬᠠᠲᠠᠭᠠᠯᠠᠨ᠎ᠠ᠃ ᠴᠢᠲᠠᠬᠤ ᠳᠠᠭᠠᠨ ᠪᠠᠩᠬᠢ ᠶᠢᠨ ᠺᠠᠷᠲ ᠪᠡ ᠭᠠᠷ ᠤᠲᠠᠰᠤ ᠪᠠᠷ ᠲᠣᠭᠠᠴᠠᠭ᠎ᠠ ᠬᠢᠬᠦ ᠠᠷᠭ᠎ᠠ ᠶᠢ ᠬᠡᠷᠡᠭᠯᠡᠵᠦ᠂ ᠬᠤᠪᠢ ᠪᠡᠶ᠎ᠡ ᠪᠠ ᠡᠳ᠋ ᠬᠦᠷᠦᠩᠭᠡ ᠶᠢᠨ ᠢᠶᠠᠨ ᠠᠮᠤᠷ ᠲᠦᠪᠰᠢᠨ ᠢ ᠪᠠᠳᠤᠯᠠᠬᠤ ᠬᠡᠷᠡᠭᠲᠡᠢ᠃      ᠢᠲᠡᠭᠡᠨ ᠤᠮᠲᠠᠭᠠᠨ ᠤ ᠬᠡᠷᠡᠭᠯᠡᠭᠡ ᠳᠤ ᠪᠤᠯᠪᠠᠰᠤᠨ᠂ ᠠᠷᠪᠢᠯᠠᠵᠤ ᠭᠠᠮᠨᠠᠬᠤ ᠶᠢ ᠠᠩᠬᠠᠷᠬᠤ ᠬᠡᠷᠡᠭᠲᠡᠢ᠃ ᠬᠡᠷᠡᠭᠯᠡᠭᠴᠢᠳ ᠬᠤᠭᠤᠯᠠᠨ ᠰᠢᠷᠡᠭᠡᠨ ᠳᠠᠬᠢ ᠪᠤᠯᠪᠠᠰᠤᠨ᠂ ᠠᠷᠪᠢᠴᠢ ᠭᠠᠮᠲᠠᠢ ᠪᠠᠶᠢᠬᠤ ᠶᠢ ᠢᠲᠢᠪᠬᠢᠲᠡᠢ ᠰᠠᠨᠠᠭᠠᠴᠢᠯᠠᠵᠤ ᠂ ᠬᠡᠮᠵᠢᠶᠡᠨ ᠠᠴᠠ ᠬᠡᠲᠦᠷᠡᠬᠦᠦ ᠵᠠᠬᠢᠶᠠᠯᠭ᠎ᠠ ᠬᠢᠬᠦ ᠦᠭᠡᠢ᠂ ᠱᠠᠯᠢᠵᠤ ᠪᠦᠷᠢᠯᠭᠡᠬᠦ ᠠᠴᠠ ᠤᠬᠠᠮᠰᠠᠷ ᠠᠴᠠ ᠪᠠᠨ ᠲᠡᠪᠴᠢᠨ᠎ᠡ᠃ ᠬᠤᠭᠤᠯᠠ ᠪᠤᠲᠠᠭ᠎ᠠ ᠪᠠᠨ ᠬᠦᠮᠦᠨ ᠤ ᠲᠤᠭ᠎ᠠ ᠪᠠᠷ ᠢᠶᠠᠨ ᠬᠡᠮᠵᠢᠶ᠎ᠡ ᠲᠠᠢ ᠵᠠᠬᠢᠶᠠᠯᠠᠨ᠂ ᠬᠤᠪᠢᠲᠠᠵᠤ ᠬᠤᠭᠤᠯᠠᠯᠠᠬᠤ᠂ ᠵᠢᠵᠢᠭ ᠬᠤᠪᠢ ᠨᠤᠭᠤᠭ᠎ᠠ ᠵᠠᠭᠤᠰᠢ ᠵᠠᠬᠢᠶᠠᠯᠠᠨ ᠠᠪᠬᠤ ᠶᠢ ᠰᠠᠨᠠᠭᠠᠴᠢᠯᠠᠵᠤ᠂ ᠪᠤᠯᠪᠠᠰᠤᠨ᠂ ᠠᠷᠪᠢᠴᠢ ᠭᠠᠮᠴᠢ᠂ ᠪᠤᠬᠢᠷᠲᠤᠯ ᠦᠭᠡᠢ ᠬᠡᠷᠡᠭᠯᠡᠭᠡᠨ ᠤ ᠲᠠᠳᠬᠠᠯ ᠢ ᠪᠤᠢ ᠪᠤᠯᠭᠠᠨ᠎ᠠ᠃ ᠱᠠᠯᠢᠨ ᠪᠦᠷᠢᠯᠭᠡᠬᠦ ᠶᠢ ᠡᠷᠡᠰ ᠲᠡᠪᠴᠢᠨ᠂ ︽ᠪᠤᠯᠪᠠᠰᠤᠨ ᠢᠶᠠᠷ ᠬᠡᠷᠡᠭᠯᠡᠬᠦ᠂ ᠠᠷᠪᠢᠴᠢ ᠭᠠᠮᠲᠠᠢ ᠢᠲᠡᠵᠦ ᠤᠤᠭᠤᠬᠤ︾ ᠰᠢᠨ᠎ᠡ ᠰᠣᠷᠳᠠᠯ ᠢ ᠪᠤᠢ ᠪᠤᠯᠭᠠᠨ᠎ᠠ᠃ ᠬᠡᠷᠡᠭᠯᠡᠭᠴᠢᠳ ᠬᠡᠷᠡᠭᠯᠡᠭᠡ ᠬᠢᠬᠦ ᠳᠡᠭᠡᠨ ᠵᠢᠩᠬᠢᠨᠢ ᠪᠠᠷᠢᠮᠲᠠ ᠲᠡᠮᠲᠡᠭ ᠬᠢᠯᠭᠡᠵᠦ ᠠᠪᠬᠤ ᠪᠦᠭᠡᠳ ᠪᠠᠷᠢᠮᠲᠠ ᠲᠡᠮᠲᠡᠭ ᠢᠶᠠᠨ ᠰᠠᠶᠢᠲᠤᠷ ᠬᠠᠲᠠᠭᠠᠯᠠᠰᠤᠭᠠᠢ᠂ ᠬᠡᠷᠪᠡ ᠬᠡᠷᠡᠭᠯᠡᠭᠡᠨ ᠤ ᠵᠢᠭᠤᠷᠭᠠᠨ ᠭᠠᠷᠬᠤ ᠪᠤᠶᠤ ᠬᠠᠤᠯᠢ ᠶᠤᠰᠤᠨ ᠤ ᠡᠷᠬᠡ ᠠᠰᠢᠭ ᠴᠢᠨᠢ ᠬᠤᠬᠢᠷᠠᠯ ᠳᠤ ᠤᠴᠠᠷᠠᠪᠠᠯ᠂ ᠴᠠᠭ ᠲᠤᠬᠠᠢ ᠳᠤᠨᠢ 12315 ᠨᠤᠮᠧᠷ ᠢᠶᠠᠷ ᠤᠲᠠᠰᠤᠳᠤᠬᠤ ᠪᠤᠶᠤ ᠲᠤᠰ ᠭᠠᠵᠠᠷ ᠤᠨ ᠬᠢᠨ ᠤ ᠵᠠᠬ᠎ᠠ ᠲᠡᠯᠭᠡᠬᠦᠷ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠪᠤᠶᠤ ᠡᠰᠡᠬᠦᠯ᠎ᠡ ᠬᠡᠷᠡᠭᠯᠡᠭᠴᠢᠳ ᠤᠨ ᠨᠡᠶᠢᠭᠡᠮᠯᠢᠭ ᠲᠤ ᠬᠦᠷᠴᠦ ᠵᠠᠭᠠᠯᠳᠤᠯᠭ᠎ᠠ ᠬᠢᠵᠦ ᠪᠤᠯᠤᠨ᠎ᠠ ᠭᠡᠵᠦ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠠᠩᠬᠠᠷᠤᠭᠤᠯᠵᠤ ᠪᠤᠢ᠃      ︵ᠬᠦᠬᠡᠬᠤᠲᠠ ᠶᠢᠨ ᠡᠲᠦᠷ ᠤᠨ ᠰᠤᠨᠢᠨ ᠤ ᠰᠤᠷᠪᠤᠯᠵᠢᠯᠠᠭᠴᠢ ᠴᠢ ᠰᠢᠶᠤᠤ ᠶᠠᠨ︶      http://mongol.people.com.cn/15825899.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号