ᠪᠤᠭᠤᠲᠤ ᠬᠤᠲᠠ ᠶᠢᠨ 2020 ᠣᠨ ᠤ ᠠᠩᠬᠠᠳᠤᠭᠠᠷ ᠤᠳᠠᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠡᠩᠰᠡᠯᠡᠵᠦ ᠬᠤᠳᠠᠯᠳᠤᠨ ᠠᠪᠬᠤ ᠶᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/16
            ᠪᠤᠭᠤᠳᠦ ᠡᠮ ᠬᠤᠳᠠᠯᠳᠤᠨ ᠲᠠᠷᠬᠠᠭᠠᠬᠤ  ﹇2020﹈  31 ᠳ᠋ᠦ᠋ᠭᠡᠷ ᠲᠣᠭᠠᠲᠤ ᠡᠯ᠎ᠡ ᠡᠮᠴᠢᠯᠡᠭᠡᠨ ᠤ ᠪᠠᠶᠢᠭᠤᠯᠤᠮᠵᠢ᠄        ︽ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠮᠠᠯ ᠮᠠᠲ᠋ᠧᠷᠢᠶᠠᠯ ᠢ ᠬᠤᠳᠠᠯᠳᠤᠨ ᠠᠪᠬᠤ ᠶᠢ ᠠᠩᠬ᠎ᠠ ᠤᠳᠠᠭ᠎ᠠ ᠲᠠᠩᠰᠠᠯᠠᠭᠤᠯᠬᠤ ᠶᠢ ᠡᠬᠢᠯᠡᠭᠦᠯᠬᠦ ᠲᠤᠬᠠᠶ ᠪᠤᠭᠤᠲᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ᠪᠠ ︽ᠪᠤᠭᠤᠲᠤ ᠬᠤᠲᠠ ᠶᠢᠨ 2020 ᠣᠨ ᠤ ᠠᠩᠬᠠᠳᠤᠭᠠᠷ ᠤᠳᠠᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠮᠠᠯ ᠮᠠᠲ᠋ᠧᠷᠢᠶᠠᠯ ᠢ ᠳᠡᠩᠰᠡᠯᠡᠵᠦ ᠬᠤᠳᠠᠯᠳᠤᠨ ᠠᠪᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾   ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠤᠲᠠ ᠶᠢᠨ ᠡᠮ ᠬᠤᠳᠠᠯᠳᠤᠨ ᠠᠪᠬᠤ ᠲᠥᠪ ᠠᠴᠠ ᠮᠠᠨ ᠤ ᠬᠤᠲᠠ ᠶᠢᠨ 2020 ᠣᠨ ᠤ ᠠᠩᠬᠠᠳᠠᠭᠴᠢ ᠤᠳᠠᠭᠠᠨ ᠤ ᠡᠮᠴᠢᠯᠡᠭᠡᠨ  ᠳᠤ ᠬᠡᠷᠡᠭᠯᠡᠬᠦ ᠬᠤᠷᠣᠭᠳᠠᠮᠠᠯ ᠮᠠᠲ᠋ᠧᠷᠢᠶᠠᠯ ᠢ ᠳᠡᠩᠰᠡᠯᠡᠵᠦ ᠬᠤᠳᠠᠯᠳᠤᠨ ᠠᠪᠬᠤ ᠪᠠᠷ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠰᠢᠯᠭᠠᠵᠤ᠂ ᠣᠲᠣ ᠦᠷ᠎ᠡ ᠳ᠋ᠦᠩ ᠢ ᠵᠠᠷᠯᠠᠨ ᠨᠡᠶᠢᠳᠡᠯᠡᠶ᠎ᠡ᠃      ᠨᠢᠭᠡ᠂ ᠵᠠᠷᠯᠠᠨ ᠨᠡᠶᠢᠲᠡᠯᠡᠭᠰᠡᠨ ᠠᠭᠤᠯᠭ᠎ᠠ      2020 ᠣᠨ ᠤ ᠠᠩᠬᠠᠳᠤᠭᠠᠷ ᠤᠳᠠᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠡᠩᠰᠡᠯᠡᠵᠦ ᠬᠤᠳᠠᠯᠳᠤᠨ ᠠᠪᠬᠤ ᠶᠢ ᠬᠢᠨᠠᠨ ᠰᠢᠯᠭᠠᠭᠰᠠᠨ ᠪᠠᠶᠢᠳᠠᠯ ᠤᠨ ᠬᠦᠰᠦᠨᠦᠭᠲᠦ ︵ᠳᠠᠭᠠᠯᠳᠤᠭᠤᠯᠤᠯ 1   ᠶᠢ ᠦᠵᠡ︶      ᠬᠤᠶᠠᠷ᠂ ᠵᠠᠷᠯᠠᠨ ᠨᠡᠶᠢᠲᠡᠯᠡᠬᠦ ᠴᠠᠭ      2020 ᠣᠨ ᠤ 12 ᠳ᠋ᠤᠭᠠᠷ ᠰᠠᠷ᠎ᠠ ᠶᠢᠨ 16   ᠤ ᠡᠳᠦᠷ ᠠᠴᠠ 2020 ᠣᠨ ᠤ 12 ᠳ᠋ᠤᠭᠠᠷ ᠰᠠᠷ᠎ᠠ  ᠶᠢᠨ 22   ᠤᠨ ᠡᠳᠦᠷ ᠪᠣᠯᠲᠠᠯ᠎ᠠ      ᠭᠤᠷᠪᠠ᠂ ᠪᠤᠰᠤᠳ ᠱᠠᠭᠠᠷᠳᠠᠯᠭ᠎ᠠ      ᠬᠡᠷᠪᠡ ᠪᠤᠭᠤᠲᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠪᠦᠷᠢᠳᠬᠡᠨ ᠳᠡᠩᠰᠡᠯᠡᠵᠦ ᠬᠤᠳᠠᠯᠳᠤᠨ ᠠᠪᠴᠤ ᠬᠠᠷᠭᠤᠭᠤᠯᠤᠨ ᠰᠢᠯᠭᠠᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠤᠷᠢᠳᠴᠢᠯᠠᠨ ᠪᠣᠯᠵᠣᠵᠤ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠪᠠᠶᠢᠳᠠᠯ ᠪᠠ ᠠᠰᠠᠭᠤᠳᠠᠯ ᠢᠶᠠᠨ ᠲᠤᠰᠬᠠᠵᠦ ᠪᠤᠯᠤᠨ᠎ᠠ᠃      ᠭᠥᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00︔ ᠦᠳᠡ ᠶᠢᠨ ᠬᠤᠶᠢᠨ᠎ᠠ 14᠄ 00 — 17᠄ 00      ᠭᠥᠯᠢᠶᠡᠨ ᠠᠪᠴᠤ ᠰᠢᠶᠳᠪᠦᠷᠢᠯᠡᠬᠦ ᠰᠠᠯᠠᠭ᠎ᠠ ᠮᠥᠴᠢᠷ᠄ ᠪᠤᠭᠤᠲᠤ ᠬᠤᠲᠠ ᠶᠢᠨ ᠡᠮᠴᠢᠯᠡᠭᠡᠨ ᠤ ᠪᠠᠶᠢᠭᠤᠯᠤᠮᠵᠢ  ᠶᠢᠨ ᠡᠮ ᠤᠨ ᠵᠦᠶᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠦᠶᠯᠡᠴᠢᠯᠡᠭᠡᠨ ᠤ ᠬᠠᠮᠢᠶᠠᠷᠤᠯᠲᠠ ᠶᠢᠨ ᠲᠥᠪ      ᠬᠠᠷᠢᠯᠴᠠᠬᠤ ᠤᠳᠠᠰᠦ᠄ 0472 — 6185843      ᠰᠠᠬᠢᠯᠭ᠎ᠠ ᠪᠠᠲᠤ ᠶᠢᠨ ᠵᠠᠭᠠᠯᠳᠤᠯᠭ᠎ᠠ᠄ ᠪᠤᠭᠤᠲᠤ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ 0472 —6169376      ᠳᠠᠭᠠᠯᠳᠤᠭᠤᠯᠤᠯ᠄ 2020 ᠣᠨ ᠤ ᠠᠩᠬᠠᠳᠤᠭᠠᠷ ᠤᠳᠠᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠡᠩᠰᠡᠯᠡᠵᠦ ᠬᠤᠳᠠᠯᠳᠤᠨ ᠠᠪᠬᠤ ᠶᠢ ᠬᠢᠨᠠᠨ ᠰᠢᠯᠭᠠᠭᠰᠠᠨ ᠪᠠᠶᠢᠳᠠᠯ ᠤᠨ ᠬᠦᠰᠦᠨᠦᠭᠲᠦ      ᠪᠤᠭᠤᠲᠤ ᠬᠤᠲᠠ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠪᠠ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ                            2020 ᠣᠨ ᠤ 12 ᠳ᠋ᠤᠭᠠᠷ ᠰᠠᠷ᠎ᠠ ᠶᠢᠨ 16   ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号