ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠣᠩᠭᠤᠯ ᠬᠡᠯᠡᠨ ᠤ ᠰᠦᠯᠵᠢᠶ᠎ᠡ ᠶᠢ ᠲᠤᠷᠰᠢᠨ ᠠᠵᠢᠯᠯᠠᠭᠤᠯᠬᠤ ᠨᠡᠶᠢᠳᠡᠯᠡᠯ
ᠨᠡᠶᠢᠲᠡᠯᠡᠭᠰᠡᠨ ᠴᠠᠭ᠄
2020/12/19
     ︽ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ  ﹇2012﹈  106  ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠶᠢᠨ ᠴᠤᠭᠯᠠᠷᠠᠯ ᠤᠨ ᠪᠠᠶᠢᠭᠤᠯᠤᠯᠲᠠ ᠶᠢᠨ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠥᠰᠥᠭ  ﹇2013﹈  173 ᠳ᠋ᠤᠭᠠᠷ ᠲᠣᠭᠠᠲᠤ︶᠂ ︽ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠶᠢᠨ ᠴᠤᠭᠯᠠᠷᠠᠯ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ  ﹇2019﹈  52 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠨᠠᠶᠢᠳᠠᠪᠦᠷᠢᠵᠢᠭᠤᠯᠤᠨ ᠲᠤᠭᠤᠰᠢᠯᠠᠭᠤᠯᠵᠦ᠂ ᠮᠠᠨ ᠤ ᠣᠷᠣᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠶᠢᠨ ᠴᠤᠭᠯᠠᠷᠠᠯ ᠤᠨ ᠦᠢᠯᠡᠳᠦᠯ ᠢ ᠤᠯᠠᠮ ᠨᠢᠭᠡ ᠠᠯᠬᠤᠮ  ᠪᠠᠳᠠᠷᠠᠭᠤᠯᠵᠦ᠂ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ ᠶᠢᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠶᠢ ᠲᠡᠭᠡᠭᠰᠢᠯᠡᠭᠦᠯᠵᠦ᠂ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠦᠨᠡᠨᠬᠦ ᠨᠡᠮᠡᠭᠳᠡᠭᠦᠯᠬᠦ  ᠶᠢᠨ ᠲᠦᠯᠦᠭᠡ᠂ 2020 ᠣᠨ ᠤ 12 ᠳ᠋ᠤᠭᠠᠷ ᠰᠠᠷ᠎ᠠ ᠶᠢᠨ 18 ᠤ ᠡᠳᠦᠷ᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠣᠩᠭᠤᠯ ᠰᠦᠯᠵᠢᠶ᠎ᠡ ︵http᠄ / / mgl . nmg . gov . cn / ylbzj︶ ᠶᠢ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠪᠠ᠃  ᠰᠦᠯᠵᠢᠶ᠎ᠡ ᠶᠢᠨ ᠲᠡᠷᠢᠭᠦᠨ ᠨᠢᠭᠤᠷ ᠨᠢ ︽ᠲᠣᠪᠴᠢ ᠠᠪᠰᠠᠷᠬᠠᠨ᠂ ᠪᠣᠳᠠᠲᠤ ᠬᠡᠷᠡᠭᠴᠡᠭᠡ ᠲᠠᠢ᠂  ᠴᠢᠳᠠᠪᠦᠷᠢᠳᠡᠨ ᠢᠶᠠᠷ ᠦᠨᠳᠦᠰᠦ ᠪᠣᠯᠭᠠᠬᠤ︾ ᠣᠨᠴᠠᠯᠢᠭ ᠢ ᠳᠣᠪᠤᠶᠢᠯᠭᠠᠵᠤ᠂ ︽ᠪᠠᠶᠢᠭᠤᠯᠤᠮᠵᠢ ᠶᠢᠨ ᠲᠦᠢᠮᠣ ᠪᠠᠶᠢᠳᠠᠯ᠂ ᠰᠣᠨᠢᠨ ᠮᠡᠳᠡᠭᠡᠨ ᠤ ᠲᠥᠪ᠂ ᠢᠯᠡ ᠵᠠᠰᠠᠭ᠂ ᠦᠢᠯᠡᠴᠢᠯᠡᠭᠡ᠂ ᠬᠡᠷᠡᠭᠯᠡᠭᠡ  ︾ ᠭᠡᠬᠦ  ᠲᠠᠪᠤᠨ ᠪᠤᠯᠤᠩ ᠲᠣᠬᠢᠷᠠᠭᠤᠯᠤᠭᠰᠠᠨ ᠪᠥᠭᠡᠳ ᠬᠢᠲᠠᠳ ᠬᠡᠯᠡᠨ ᠤ ᠰᠦᠯᠵᠢᠶ᠎ᠡ  ᠳᠤ ᠰᠢᠯᠵᠢᠬᠦ ᠴᠥᠷᠬᠡᠯᠡᠭᠡ ᠲᠠᠭᠠᠷᠠᠭᠤᠯᠤᠭᠰᠠᠨ ᠪᠠᠶᠢᠨ᠎ᠠ᠂ ᠲᠠᠨᠠᠷ ᠤᠨ ᠨᠠᠩ ᠳᠥᠭᠦᠮ ᠳᠥᠲᠡ ᠥᠨᠳᠥᠷ ᠪᠦᠲᠦᠮᠵᠢᠲᠡᠶ ᠰᠤᠷᠪᠤᠯᠵᠢᠯᠠᠭ᠎ᠠ ᠪᠠ ᠪᠡᠶᠡᠴᠢᠯᠡᠨ ᠣᠶᠢᠯᠠᠭᠠᠬᠤ ᠶᠢ ᠬᠦᠰᠡᠵᠦ ᠪᠠᠶᠢᠨ᠎ᠠ᠃      ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ ᠮᠣᠩᠭᠤᠯ ᠰᠦᠯᠵᠢᠶ᠎ᠡ ᠳᠤ ᠮᠡᠳᠡᠭᠡ ᠵᠠᠩᠭᠢ ᠶᠢᠨ ᠠᠩᠭᠢᠯᠠᠯ ᠨᠢ ᠣᠨᠣᠪᠴᠢ ᠥᠬᠡᠶ ᠪᠠᠶᠢᠵᠤ ᠮᠡᠳᠡᠨ᠎ᠡ᠂ ᠥᠷᠭᠡᠨ ᠣᠯᠠᠨ ᠰᠦᠯᠵᠢᠶᠡᠨ ᠠᠨᠳᠠ ᠠᠴᠠ ᠠᠭᠤᠴᠢᠯᠠᠯ ᠬᠦᠯᠢᠶᠡᠵᠦ ᠪᠠᠶᠢᠨ᠎ᠠ᠃ ᠲᠠᠨᠠᠷ ᠤᠨ ᠰᠦᠯᠵᠢᠶᠡᠨ ᠤ ᠪᠦᠲᠦᠭᠡᠨ ᠪᠠᠢᠭᠤᠯᠤᠯᠲᠠ ᠳᠤ ᠨᠠᠨᠳᠢᠨ ᠰᠠᠨᠠᠭᠤᠯᠭ᠎ᠠ ᠳᠤᠷᠠᠳᠬᠤ ᠶᠢ ᠪᠠᠶᠠᠷᠯᠠᠨ ᠤᠭᠳᠤᠶ᠎ᠠ ᠃ ᠲᠠᠨᠠᠷ ᠤᠨ ᠰᠠᠨᠠᠭᠤᠯᠭ᠎ᠠ ᠶᠣᠰᠣᠭᠠᠷ ᠠᠭᠤᠯᠭ᠎ᠠ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂  ᠰᠦᠯᠵᠢᠶᠡᠨ ᠤ ᠠᠵᠢᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂  ᠦᠢᠯᠡᠴᠢᠯᠡᠭᠡᠨ ᠤ ᠲᠦᠪᠰᠢᠨ ᠢᠶᠠᠨ ᠲᠡᠭᠡᠭᠰᠢᠯᠡᠭᠦᠯᠬᠦ ᠶᠤᠮ᠃      ᠮᠠᠨ ᠤ ᠠᠵᠢᠯ ᠳᠤ ᠠᠩᠬᠠᠷᠤᠯ ᠬᠠᠨᠳᠤᠭᠤᠯᠵᠦ ᠲᠡᠮᠵᠢᠯᠭᠡ ᠦᠵᠡᠭᠦᠯᠦᠭᠰᠡᠨ ᠳᠤ ᠪᠠᠶᠠᠷᠯᠠᠯ᠎ᠠ︕                   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                              2020 ᠣᠨ ᠤ 12 ᠳ᠋ᠤᠭᠠᠷ ᠰᠠᠷ᠎ᠠ ᠶᠢᠨ 18 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号