︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/12/21
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ︵ᠲᠥᠪ ᠲᠠᠷᠬᠠᠭᠠᠭᠰᠠᠨ  ︵2020︶5 ᠳ᠋ᠤᠭᠠᠷ ᠲᠣᠭᠠᠲᠤ︶᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠬᠤ ᠢᠲᠡᠭᠡᠮᠵᠢ ᠶᠢᠨ ᠦᠨᠡᠯᠡᠯᠲᠡ ᠶᠢᠨ ᠲᠦᠷᠢᠮ ᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠡᠮᠴᠢᠯᠡᠭᠡ ᠪᠠᠳᠤᠯᠠᠭ᠎ᠠ ᠲᠠᠷᠬᠠᠭᠠᠭᠰᠠᠨ  ︵2020︶ 34 ᠳ᠋ᠤᠭᠡᠷ ᠲᠣᠭᠠᠲᠤ︶᠂ ︽ᠳᠠᠭᠤᠷᠢᠶᠠᠮᠠᠯ ᠡᠮ ᠤᠨ ᠬᠠᠩᠭᠠᠯᠭ᠎ᠠ ᠶᠢ ᠪᠠᠲᠤᠯᠠᠬᠤ ᠵᠢᠴᠢ ᠬᠡᠷᠡᠭᠯᠡᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2018﹈ 89 ᠳ᠋ᠤᠭᠡᠷ ᠲᠣᠭᠠᠲᠤ︶ ᠪᠣᠯᠤᠨ ︽ᠤᠯᠤᠰ ᠤᠨ ᠦᠨᠳᠦᠰᠦᠨ ᠡᠮᠴᠢᠯᠡᠭᠡᠨ ᠤ ᠪᠠᠳᠤᠯᠠᠭ᠎ᠠ ᠶᠢ ᠬᠡᠷᠡᠭᠵᠢᠭᠦᠯᠬᠦ ᠲᠤᠬᠠᠶ ᠮᠡᠳᠡᠭᠳᠡᠯ︾᠂ ᠠᠵᠢᠯ ᠤᠨ ᠰᠢᠷᠬᠠᠲᠤᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2019 ᠣᠨ ᠤ ᠬᠡᠪᠯᠡᠯ︶ ᠤᠨ ᠮᠡᠳᠡᠭᠳᠡᠯ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ  ﹇2019﹈  61 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠰᠤᠳᠤᠯᠤᠨ ᠲᠣᠭᠲᠠᠭᠠᠪᠠ᠂ ᠤᠳᠤ ᠬᠡᠪᠯᠡᠨ ᠲᠠᠷᠬᠠᠭᠠᠨ᠎ᠠ᠂ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠡᠳᠦᠭᠡ ︽ᠮᠡᠳᠡᠭᠳᠡᠯ︾ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ      2018 ᠣᠨ ᠠᠴᠠ ᠣᠲᠣ ᠪᠣᠯᠲᠠᠯ᠎ᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠡᠮ ᠤᠨ ᠵᠦᠢᠯ ᠢ ᠬᠤᠳᠠᠯᠳᠤᠨ ᠠᠪᠬᠤ ᠠᠯᠢ ᠣᠯᠠᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠳᠠᠭᠤᠷᠢᠶᠠᠮᠠᠯ ᠡᠮ ᠢ ᠬᠤᠳᠠᠯᠳᠤᠨ ᠠᠪᠬᠤ ᠪᠠ ᠬᠡᠷᠡᠭᠯᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠲᠤ ᠰᠢᠨ᠎ᠡ ᠪᠠᠷ ᠵᠥᠪᠰᠢᠶᠡᠷᠡᠭᠦᠯᠦᠭᠰᠡᠨ ᠳᠠᠭᠤᠷᠢᠶᠠᠮᠠᠯ ᠡᠮ ᠢ ᠴᠠᠭ ᠲᠤᠬᠠᠶ ᠳᠤᠨᠢ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠬᠡᠷᠡᠭᠲᠡᠶ ᠭᠡᠵᠦ ᠱᠠᠭᠠᠷᠳᠠᠪᠠ᠃ 2019 ᠣᠨ ᠤ ᠬᠡᠪᠯᠡᠭᠦᠯᠦᠭᠰᠡᠨ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠭᠠᠷᠴᠠᠭ ᠢ 2020 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ 2019 ᠣᠨ ᠤ ᠬᠡᠪᠯᠡᠭᠦᠯᠦᠭᠰᠡᠨ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠭᠠᠷᠴᠠᠭ ᠤᠨ ᠳᠣᠲᠣᠷᠠᠬᠢ ᠬᠡᠰᠡᠭ ᠡᠮ ᠤᠨ ᠵᠦᠢᠯ ᠢ ᠴᠦ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠴᠢᠬᠤᠯᠠᠲᠠᠶ ᠪᠠᠶᠢᠨ᠎ᠠ᠃ ᠣᠳᠣᠬᠠᠨ ᠳᠤ ᠮᠠᠨ ᠤ ᠣᠷᠣᠨ ᠤ ᠡᠮ ᠤᠨ ᠵᠦᠢᠯ ᠢ ᠵᠥᠪᠰᠢᠶᠡᠷᠡᠨ ᠣᠷᠣᠭᠤᠯᠬᠤ ᠠᠷᠭ᠎ᠠ ᠵᠠᠮ ᠪᠣᠯ᠂ ᠡᠮᠴᠢᠯᠡᠭᠡᠨ ᠤ ᠪᠠᠶᠢᠭᠤᠯᠤᠮᠵᠢ ᠳᠠᠩᠰᠠᠯᠠᠭᠤᠯᠤᠨ ᠬᠤᠳᠠᠯᠳᠤᠨ ᠠᠪᠤᠭᠤᠯᠬᠤ ᠪᠠᠷ ᠭᠤᠶᠤᠴᠢᠯᠠᠵᠤ᠂ ᠡᠮ ᠤᠨ ᠵᠦᠢᠯ ᠢ ᠳᠠᠩᠰᠠᠯᠠᠭᠤᠯᠤᠨ ᠬᠤᠳᠠᠯᠳᠤᠨ ᠠᠪᠤᠭᠤᠯᠬᠤ ᠪᠠᠷ ᠭᠤᠶᠤᠴᠢᠯᠠᠬᠤ ᠶᠠᠪᠤᠴᠠ ᠳᠤ ᠬᠢᠨᠠᠨ ᠬᠠᠷᠭᠤᠭᠤᠯᠬᠤ ᠭᠤᠭᠴᠤᠭ᠎ᠠ ᠣᠯᠠᠨ᠂ ᠭᠦᠢᠴᠡᠳᠭᠡᠬᠦ ᠦᠶᠡᠯᠡᠯ ᠤᠨ ᠬᠤᠭᠤᠴᠠᠭ᠎ᠠ ᠣᠷᠳᠣ ᠪᠠᠶᠢᠵᠤ᠂ ᠡᠮ ᠤᠨ  ᠵᠦᠢᠯ ᠢ ᠵᠥᠪᠰᠢᠶᠡᠷᠡᠨ ᠣᠷᠣᠭᠤᠯᠬᠤ ᠨᠢ ᠰᠦᠯᠵᠢᠶᠡᠨ ᠳᠤ ᠭᠠᠷᠭᠠᠬᠤ ᠶᠢ ᠨᠥᠯᠥᠭᠡᠯᠡᠵᠦ ᠪᠠᠶᠢᠨ᠎ᠠ᠃ ᠡᠶᠢᠮᠦ ᠠᠴᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠢᠯ ᠢ ᠰᠤᠳᠤᠯᠤᠨ ᠨᠡᠭᠡᠭᠡᠬᠦ ᠪᠠ ᠡᠮ ᠡᠮᠨᠡᠯᠭᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ︽ᠮᠡᠳᠡᠭᠳᠡᠯ︾ ᠢ ᠰᠤᠳᠤᠯᠤᠨ ᠲᠣᠭᠲᠠᠭᠠᠪᠠ᠃      ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ      ︽ᠮᠡᠳᠡᠭᠳᠡᠯ︾ ᠳᠤ᠂  ᠤᠷᠤᠭᠤᠯᠬᠤ ᠶᠢ ᠵᠥᠪᠰᠢᠶᠡᠷᠡᠬᠦ ᠪᠠ ᠭᠠᠷᠭᠠᠬᠤ ᠶᠢ ᠪᠠᠶᠢᠩᠭᠤᠵᠢᠭᠤᠯᠬᠤ ᠬᠠᠮᠢᠶᠠᠷᠤᠯᠲᠠ᠂ ᠭᠤᠶᠤᠴᠢᠯᠠᠨ ᠮᠡᠳᠡᠭᠦᠯᠬᠦ ᠪᠡᠶᠡᠴᠢ ᠴᠣᠭᠴᠠ᠂ ᠰᠦᠯᠵᠢᠶᠡᠨ ᠳᠤ ᠭᠠᠷᠭᠠᠬᠤ ᠡᠮ ᠤᠨ ᠵᠦᠢᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠵᠡᠷᠭᠡ ᠲᠠᠪᠤᠨ ᠲᠠᠯ᠎ᠠ ᠠᠴᠠ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃        ᠨᠢᠭᠡ ᠳᠤ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠤᠨ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠳᠤ ᠬᠡᠪᠰᠢᠭᠰᠡᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠭᠤᠶᠤᠴᠢᠯᠠᠨ ᠮᠡᠳᠡᠭᠦᠯᠦᠨ᠎ᠡ᠃ ᠬᠠᠮᠢᠶᠠᠷᠤᠯᠲᠠ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠤᠨ ᠳᠣᠲᠣᠷᠠᠬᠢ ᠨᠢᠭᠡᠨᠲᠡ ᠰᠦᠯᠵᠢᠶᠡᠨ ᠳᠤ  ᠭᠠᠷᠭᠠᠭᠰᠠᠨ ᠡᠮ ᠤᠨ ᠵᠦᠢᠯ ᠢ ᠡᠯ᠎ᠡ ᠵᠦᠢᠯ ᠤᠨ ᠰᠢᠯᠲᠠᠭᠠᠨ ᠠᠴᠠ ᠪᠣᠯᠵᠣ ᠬᠠᠩᠭᠠᠬᠤ ᠶᠢᠨ ᠠᠷᠭ᠎ᠠ ᠥᠬᠡᠶ ᠪᠣᠯᠤᠭᠰᠠᠨ ᠮᠥᠷᠲᠡᠭᠡᠨ ᠪᠤᠰᠤᠳ ᠣᠷᠣᠯᠠᠭᠤᠯᠵᠤ ᠪᠣᠯᠬᠤ ᠡᠮ ᠤᠨ ᠵᠦᠢᠯ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠠᠴᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠨ ᠵᠢᠱᠢᠵᠦ ᠬᠢᠨᠠᠨ ᠬᠠᠷᠭᠤᠭᠤᠯᠤᠭᠠᠳ᠂ ᠡᠮᠴᠢᠯᠡᠭᠡᠨ ᠳᠤ ᠬᠡᠷᠡᠭᠯᠡᠬᠦ ᠡᠮ ᠢ ᠨᠥᠯᠥᠭᠡᠯᠡᠬᠦ ᠥᠬᠡᠶ ᠪᠠᠶᠢᠪᠠᠯ ᠪᠤᠴᠠᠭᠠᠵᠤ ᠭᠠᠷᠭᠠᠨ᠎ᠠ᠃      ᠬᠤᠶᠠᠷ ᠲᠤ᠂ ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢ ᠵᠢᠷᠤᠮᠵᠢᠭᠤᠯᠵᠤ᠂ ᠨᠡᠷ᠎ᠡ ᠮᠡᠳᠡᠭᠦᠯᠬᠦ ᠠᠵᠤ ᠠᠬᠤᠶᠢᠯᠠᠯ ᠵᠢᠴᠢ ᠡᠮ ᠤᠨ ᠵᠦᠢᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠰᠢᠭᠤᠳ ᠭᠤᠶᠤᠴᠢᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠶᠠᠪᠤᠴᠠ ᠶᠢ ᠲᠦᠭᠦᠮᠴᠢᠯᠡᠨ᠎ᠡ᠃      ᠭᠤᠷᠪᠠ ᠳᠤ᠂ ᠰᠦᠯᠵᠢᠶᠡᠨ ᠳᠡᠭᠡᠷ᠎ᠡ ᠡᠮ ᠤᠨ ᠵᠦᠢᠯ ᠢ ᠲᠥᠷᠥᠯ ᠬᠤᠪᠢᠶᠠᠨ ᠬᠤᠳᠠᠯᠳᠤᠨ ᠠᠪᠬᠤ ᠶᠢ ᠬᠡᠷᠡᠭᠵᠢᠭᠦᠯᠵᠦ᠂ ᠤᠯᠤᠰ ᠠᠴᠠ ᠦᠨ᠎ᠡ ᠲᠣᠭᠲᠠᠭᠠᠭᠰᠠᠨ ᠡᠮ ᠤᠨ ᠵᠦᠢᠯ ᠢ ᠡᠮᠴᠢᠯᠡᠭᠡᠨ ᠤ ᠪᠠᠶᠢᠭᠤᠯᠤᠮᠵᠢ ᠰᠢᠭᠤᠳ ᠬᠤᠳᠠᠯᠳᠤᠨ ᠠᠪᠴᠤ᠂ ᠰᠦᠯᠵᠢᠶᠡᠨ ᠳᠤ ᠭᠠᠷᠭᠠᠭᠰᠠᠨ ᠪᠤᠰᠤᠳ ᠡᠮ ᠤᠨ ᠵᠦᠢᠯ ᠢ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠰᠢᠰᠲ᠋ᠧᠮ ᠢᠶᠠᠷ ᠳᠠᠮᠵᠢᠭᠤᠯᠤᠨ ᠦᠨ᠎ᠡ ᠵᠥᠪᠯᠡᠨ ᠬᠤᠳᠠᠯᠳᠤᠨ ᠠᠪᠤᠨ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠠᠴᠠ ᠪᠣᠯᠵᠣ᠂ ᠡᠮᠴᠢᠯᠡᠭᠡᠨ ᠤ ᠪᠠᠶᠢᠭᠤᠯᠤᠮᠵᠢ ᠨᠢ ᠰᠦᠯᠵᠢᠶᠡᠨ ᠳᠤ ᠭᠠᠷᠭᠠᠭᠰᠠᠨ ᠥᠬᠡᠶ ᠪᠤᠶᠤ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠨᠢ ᠬᠠᠩᠭᠠᠯᠭ᠎ᠠ ᠭᠦᠢᠴᠡᠬᠦ ᠥᠬᠡᠶ ᠪᠤᠯᠪᠠᠴᠦ ᠡᠮᠴᠢᠯᠡᠭᠡᠨ ᠤ ᠠᠪᠤᠷᠠᠨ ᠵᠠᠰᠠᠬᠤ ᠳᠤ ᠵᠠᠪᠠᠯ ᠬᠡᠷᠡᠭᠰᠡᠬᠦ ᠡᠮ ᠤᠨ ᠵᠦᠢᠯ ᠢ ᠬᠤᠳᠠᠯᠳᠤᠨ ᠠᠪᠬᠤ ᠴᠢᠬᠤᠯᠠᠲᠠᠶ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠨᠢ ᠤᠷᠢᠳ ᠢᠶᠠᠷ ᠪᠠᠴᠢᠮ ᠪᠠᠶᠢᠳᠠᠯ ᠢ ᠠᠷᠭᠠᠴᠠᠭᠠᠨ ᠬᠤᠳᠠᠯᠳᠤᠨ ᠠᠪᠴᠤ ᠪᠣᠯᠤᠨ᠎ᠠ᠃      ᠳᠥᠷᠪᠡ ᠳᠤ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠨ᠂ ᠡᠮᠡᠭᠲᠡᠶᠢᠴᠦᠳ ᠪᠠ ᠬᠡᠤᠬᠡᠳ  ᠤᠨ ᠲᠤᠰᠬᠠᠶ ᠰᠠᠯᠠᠭ᠎ᠠ ᠶᠢᠨ ᠫᠠᠲ᠋ᠧᠨ᠋ᠲ ᠪᠤᠰᠤ ᠡᠮ ᠤᠨ ᠵᠦᠢᠯ᠂ ᠪᠠᠴᠢᠮ ᠠᠪᠤᠷᠠᠯᠳᠠ ᠶᠢᠨ ᠡᠮ ᠤᠨ ᠵᠦᠢᠯ᠂ ᠳᠤᠲᠠᠭᠳᠠᠵᠤ ᠪᠠᠶᠢᠭ᠎ᠠ ᠡᠮ ᠤᠨ ᠵᠦᠢᠯ ᠪᠠ  ᠦᠨᠳᠦᠰᠦᠨ ᠵᠠᠰᠠᠯᠭ᠎ᠠ ᠶᠢᠨ ᠶᠡᠭᠦᠯᠡᠬᠦ ᠰᠢᠩᠭᠡᠨ ᠢ ᠬᠤᠳᠠᠯᠳᠤᠨ ᠠᠪᠬᠤ ᠠᠷᠭ᠎ᠠ ᠮᠠᠶ᠋ᠢᠭ ᠢ ᠰᠢᠭᠤᠳ ᠰᠦᠯᠵᠢᠶᠡᠨ ᠳᠤ ᠬᠤᠯᠪᠤᠨ᠎ᠠ᠂ ᠠᠵᠤ ᠠᠬᠤᠶᠢᠯᠠᠯ ᠨᠢ ᠡᠯ᠎ᠡ ᠮᠤᠵᠢ ᠶᠢᠨ ᠠᠷᠠᠯᠵᠢᠶᠠᠯᠠᠬᠤ ᠦᠨ᠎ᠡ ᠬᠠᠩᠰᠢ ᠪᠠᠷ ᠵᠥᠪᠯᠡᠯᠭᠡ ᠶᠢᠨ ᠦᠨ᠎ᠡ ᠪᠠᠷ ᠯᠠᠪᠯᠠᠯᠲᠠ ᠶᠢᠨ ᠦᠨ᠎ᠡ ᠪᠣᠯᠭᠠᠵᠤ᠂ ᠦᠨ᠎ᠡ ᠬᠢᠵᠠᠭᠠᠷᠯᠠᠨ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠢ ᠪᠥᠬᠦ ᠤᠯᠤᠰ ᠤᠨ ᠡᠯ᠎ᠡ ᠮᠤᠵᠢ ᠬᠤᠲᠠ ︵ᠲᠣᠭᠤᠷᠢᠭ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠤᠳᠠᠯᠳᠤᠨ ᠠᠪᠬᠤ ᠦᠨ᠎ᠡ ᠬᠠᠩᠰᠢ ᠶᠢᠨ ᠮᠡᠳᠡᠭᠡ ᠵᠠᠩᠭᠢ 5 ᠵᠢᠴᠢ 5 ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠪᠥᠬᠦ ᠤᠯᠤᠰ ᠤᠨ ᠡᠯ᠎ᠡ ᠮᠤᠵᠢ ᠬᠤᠲᠠ ︵ᠲᠣᠭᠤᠷᠢᠭ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠨᠠᠭᠠᠳᠤ ᠵᠠᠬ᠎ᠠ ᠶᠢᠨ ᠠᠷᠠᠯᠵᠢᠶᠠᠯᠠᠬᠤ ᠦᠨ᠎ᠡ ᠬᠠᠩᠰᠢ ᠪᠠᠷ ᠬᠤᠳᠠᠯᠳᠤᠨ ᠠᠪᠬᠤ ᠬᠢᠵᠠᠭᠠᠷᠯᠠᠯ ᠦᠨ᠎ᠡ ᠪᠣᠯᠭᠠᠵᠤ᠂ 5 ᠮᠤᠵᠢ ᠬᠤᠲᠠ ︵ᠲᠣᠭᠤᠷᠢᠭ︶ ᠬᠥᠷᠬᠦ ᠥᠬᠡᠶ ᠪᠠᠶᠢᠪᠠᠯ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠠᠳᠠᠯᠢ ᠲᠦᠷᠦᠯ ᠤᠨ ᠡᠮ ᠤᠨ ᠵᠦᠢᠯ ᠤᠨ ᠦᠨ᠎ᠡ ᠲᠤᠬᠢᠷᠠᠬᠤ ᠪᠠᠷ ᠲᠠᠮᠵᠢᠨ ᠵᠤᠬᠢᠰᠳᠠᠢ ᠬᠤᠳᠠᠯᠳᠤᠨ ᠠᠪᠬᠤ ᠬᠢᠵᠠᠭᠠᠷᠯᠠᠯ ᠦᠨ᠎ᠡ ᠶᠢ ᠲᠤᠭᠳᠠᠭᠠᠵᠤ᠂ ᠬᠤᠳᠠᠯᠳᠤᠨ ᠠᠪᠬᠤ ᠬᠢᠵᠠᠭᠠᠷᠯᠠᠯ ᠦᠨ᠎ᠡ ᠵᠠᠷᠴᠢᠮ ᠲᠡᠭᠡᠷ᠎ᠡ ᠪᠠᠨ ᠪᠦᠬᠦ ᠤᠯᠤᠰ ᠤᠨ ᠬᠠᠮᠤᠭ ᠲᠤᠤᠷ᠎ᠠ ᠦᠨ᠎ᠡ ᠠᠴᠠ ᠬᠡᠳᠦᠷᠡᠵᠦ ᠪᠤᠯᠬᠤ ᠦᠭᠡᠢ᠃      ᠲᠠᠪᠤ ᠳᠤ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠮᠴᠢᠯᠡᠭᠡᠨ ᠤ ᠪᠠᠶᠢᠭᠤᠯᠤᠮᠵᠢ ᠨᠤᠭᠤᠳ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠳ ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠩᠭᠤᠵᠢᠯᠳᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠬᠤᠳᠠᠯᠳᠤᠨ ᠠᠪᠬᠤ ᠲᠠᠪᠴᠠᠩ ᠤᠨ ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠳ ᠬᠠᠩᠭᠠᠯᠭ᠎ᠠ ᠶᠢᠨ ᠪᠠᠲᠤᠯᠠᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠶᠣᠰᠣᠭᠠᠷ ᠡᠵᠡᠩᠨᠡᠵᠣ᠂ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠢᠴᠡᠳᠭᠡᠵᠦ᠂ ᠢᠳᠡᠪᠬᠢᠲᠡᠶ ᠪᠠᠷ ᠴᠤᠤᠷᠢᠶᠠᠲᠤᠨ ᠳᠠᠭᠠᠬᠤ ᠬᠡᠷᠡᠭᠲᠡᠶ᠃      ᠭᠤᠷᠪᠠ᠂ ︽ᠮᠡᠳᠡᠭᠳᠡᠯ︾ ᠤᠨ ᠭᠤᠣᠯ ᠣᠨᠴᠠᠯᠢᠭ      ︽ᠮᠡᠳᠡᠭᠳᠡᠯ︾ ᠳᠤ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠡᠮ ᠤᠨ ᠵᠦᠢᠯ ᠢ ᠰᠤᠳᠤᠯᠤᠨ ᠨᠡᠭᠡᠭᠡᠬᠦ ᠪᠠ ᠡᠮ ᠡᠮᠨᠡᠯᠭᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠬᠤ ᠪᠠᠷ ᠵᠣᠷᠢᠯᠭ᠎ᠠ ᠪᠣᠯᠭᠠᠨ᠂ ᠦᠨ᠎ᠡ ᠬᠠᠩᠰᠢ ᠶᠢᠨ ᠪᠣᠶ ᠪᠣᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠢᠯᠡᠷᠡᠭᠦᠯᠪᠡ᠂ ᠡᠭᠦᠨ ᠳᠤ ᠭᠤᠤᠯᠳᠠᠭᠤ ᠳᠣᠤᠷᠠᠬᠢ ᠭᠤᠷᠪᠠᠨ ᠲᠠᠯ᠎ᠠ ᠶᠢᠨ ᠣᠨᠴᠠᠯᠢᠭ ᠪᠣᠶ᠄     ︵ᠨᠢᠭᠡ︶ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠪᠠ᠃ ᠡᠮ ᠤᠨ ᠵᠦᠢᠯ ᠬᠤᠳᠠᠯᠳᠤᠨ ᠠᠪᠬᠤ ᠭᠠᠷᠴᠠᠭ ᠲᠤ ᠵᠥᠪᠰᠢᠶᠡᠷᠡᠨ ᠣᠷᠣᠭᠤᠯᠬᠤ ᠳᠤ ᠬᠡᠪᠰᠢᠭᠰᠡᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠢᠶᠠᠷ ᠳᠠᠮᠵᠢᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠭᠤᠶᠤᠴᠢᠯᠠᠨ ᠮᠡᠳᠡᠭᠦᠯᠦᠨ᠎ᠡ᠃ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠢ ᠬᠠᠩᠭᠠᠬᠤ ᠶᠢᠨ ᠠᠷᠭ᠎ᠠ ᠥᠬᠡᠶ ᠪᠤᠯ ᠵᠥᠪᠰᠢᠶᠡᠷᠡᠨ ᠭᠠᠷᠭᠠᠬᠤ ᠡᠮ ᠤᠨ ᠵᠦᠢᠯ ᠤᠨ ᠤᠷᠤᠭᠤᠯᠵᠦ ᠭᠠᠷᠭᠠᠬᠤ ᠵᠠᠮ ᠢ ᠰᠠᠭᠠᠳ ᠥᠬᠡᠶ ᠨᠡᠪᠲᠡᠷᠡᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠳᠤ ᠴᠢᠭᠯᠡᠭᠦᠯᠦᠨ᠂ ᠡᠮᠴᠢᠯᠡᠭᠡᠨ ᠤ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠭᠠᠬᠤ ᠡᠮ ᠬᠤᠳᠠᠯᠳᠤᠨ ᠠᠪᠬᠤ ᠵᠠᠮ ᠢ ᠪᠣᠢ ᠪᠤᠯᠭᠠᠵᠦ᠂ ᠠᠷᠠᠳ ᠣᠯᠠᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠪᠠ᠃      ︵ᠬᠤᠶᠠᠷ︶ ᠳᠠᠭᠠᠭᠠᠴᠢᠯᠠᠯᠲᠠ ᠬᠦᠯᠢᠶᠡᠬᠦ ᠭᠤᠤᠯ ᠴᠣᠭᠴᠠ ᠶᠢ ᠵᠢᠷᠤᠮᠵᠢᠭᠤᠯᠵᠤ᠂ ᠡᠮ ᠤᠨ ᠵᠦᠢᠯ ᠤᠨ ᠰᠦᠯᠵᠢᠶᠡᠨ ᠳᠤ ᠭᠠᠷᠭᠠᠬᠤ ᠶᠠᠪᠤᠴᠠ ᠶᠢ ᠳᠥᠭᠦᠮᠴᠢᠯᠡᠪᠡ᠃ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠵᠥᠪᠰᠢᠶᠡᠷᠡᠯ ᠢ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠨᠢᠭᠡᠳᠦᠯᠲᠡᠶ ᠪᠠᠷ ᠰᠢᠭᠤᠳ ᠭᠤᠶᠤᠴᠢᠯᠠᠨ ᠮᠡᠳᠡᠭᠦᠯᠵᠦ ᠂ ᠭᠦᠢᠴᠡᠳᠭᠡᠬᠦ ᠶᠠᠪᠤᠴᠠ ᠶᠢ ᠳᠥᠭᠦᠮᠴᠢᠯᠡᠨ᠂ ᠰᠢᠨ᠎ᠡ ᠪᠠᠷ ᠵᠠᠬ᠎ᠠ ᠳᠡᠯᠭᠡᠭᠦᠷ ᠲᠤ ᠭᠠᠷᠭᠠᠬᠤ ᠡᠮ ᠤᠨ ᠵᠦᠢᠯ ᠤᠨ ᠵᠥᠪᠰᠢᠶᠡᠷᠡᠯ ᠢ ᠰᠦᠯᠵᠢᠶᠡᠨ ᠳᠤ ᠬᠤᠯᠪᠤᠬᠤ ᠶᠢ ᠲᠦᠷᠭᠡᠳᠬᠡᠵᠦ᠂ ᠡᠮ ᠤᠨ ᠵᠦᠢᠯ ᠤᠨ ᠰᠤᠳᠤᠯᠤᠨ ᠨᠡᠭᠡᠭᠡᠬᠦ ᠪᠠ ᠡᠮ ᠡᠮᠨᠡᠯᠭᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃      ︵ᠭᠤᠷᠪᠠ︶ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠤᠨ ᠵᠦᠢᠯ ᠤᠨ ᠦᠨ᠎ᠡ ᠬᠠᠩᠰᠢ ᠶᠢᠨ ᠪᠤᠴᠠᠭᠠᠯᠲᠠ ᠶᠢᠨ ᠵᠦᠶ ᠵᠣᠬᠢᠰᠲᠠᠶ ᠬᠢᠷᠢ ᠬᠡᠮᠵᠢᠶ᠎ᠡ ᠶᠢ ᠠᠬᠢᠭᠤᠯᠪᠠ᠃ ᠡᠮᠡᠭᠲᠡᠶᠢᠴᠦᠳ ᠪᠠ ᠬᠡᠤᠬᠡᠳ ᠲᠤᠰᠬᠠᠶ ᠮᠡᠷᠭᠡᠵᠢᠯ ᠤᠨ ᠫᠠᠲ᠋ᠧᠨ᠋ᠲ ᠪᠤᠰᠤ ᠡᠮ ᠤᠨ ᠵᠦᠢᠯ᠂ ᠪᠠᠴᠢᠮ ᠠᠪᠤᠷᠠᠯᠳᠠ ᠶᠢᠨ ᠡᠮ ᠤᠨ ᠵᠦᠢᠯ᠂ ᠳᠤᠲᠠᠭᠳᠠᠵᠤ ᠪᠠᠶᠢᠭ᠎ᠠ ᠡᠮ ᠤᠨ ᠵᠦᠢᠯ ᠪᠠ ᠦᠨᠳᠦᠰᠦᠨ ᠵᠠᠰᠠᠯᠭ᠎ᠠ ᠶᠢᠨ ᠶᠡᠭᠦᠯᠡᠬᠦ ᠰᠢᠩᠭᠡᠨ ᠬᠤᠳᠠᠯᠳᠤᠨ ᠠᠪᠬᠤ ᠠᠷᠭ᠎ᠠ ᠮᠠᠶ᠋ᠢᠭ ᠢ ᠰᠢᠭᠤᠳ ᠰᠦᠯᠵᠢᠶᠡᠨ ᠳᠤ ᠬᠤᠯᠪᠤᠵᠦ᠂ ᠠᠵᠤ ᠠᠬᠤᠶᠢᠯᠠᠯ ᠨᠢ ᠡᠯ᠎ᠡ ᠮᠤᠵᠢ ᠬᠤᠲᠠ ᠶᠢᠨ ᠠᠷᠠᠯᠵᠢᠶᠠᠯᠠᠬᠤ ᠦᠨ᠎ᠡ ᠬᠠᠩᠰᠢ ᠪᠠᠷ ᠵᠥᠪᠯᠡᠬᠦ ᠦᠨ᠎ᠡ ᠶᠢᠨ ᠯᠠᠪᠯᠠᠯᠲᠠ ᠶᠢᠨ ᠦᠨ᠎ᠡ  ᠪᠤᠯᠭᠠᠵᠦ ᠮᠡᠳᠡᠭᠦᠯᠦᠨ᠎ᠡ︔ ᠰᠦᠯᠵᠢᠶᠡᠨ ᠳᠤ ᠬᠤᠯᠪᠤᠭᠰᠠᠨ ᠪᠤᠰᠤᠳ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠨᠢ ᠦᠨ᠎ᠡ ᠬᠠᠩᠰᠢ ᠶᠢ ᠨᠢ ᠬᠢᠵᠠᠭᠠᠷᠯᠠᠨ ᠰᠦᠯᠵᠢᠶᠡᠨ ᠳᠤ ᠣᠷᠣᠭᠤᠯᠵᠤ᠂ ᠦᠨ᠎ᠡ ᠬᠠᠩᠰᠢ ᠶᠢ ᠨᠢ ᠪᠥᠬᠦ ᠤᠯᠤᠰ ᠤᠨ ᠬᠠᠮᠤᠭ ᠤᠨ ᠳᠣᠤᠷ᠎ᠠ ᠦᠨ᠎ᠡ ᠬᠠᠩᠰᠢ ᠠᠴᠠ ᠥᠨᠳᠥᠷ ᠪᠠᠶᠢᠯᠭᠠᠵᠤ ᠪᠣᠯᠬᠤ ᠥᠬᠡᠶ ᠪᠥᠭᠡᠳ ᠪᠤᠰᠤᠳ ᠮᠤᠵᠢ ᠬᠤᠲᠠ ᠶᠢᠨ ᠠᠷᠠᠯᠵᠢᠶᠠᠯᠠᠬᠤ ᠦᠨ᠎ᠡ ᠬᠠᠩᠰᠢ ᠯᠤᠭ᠎ᠠ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠵᠥᠪᠯᠡᠭᠰᠡᠨ ᠦᠨ᠎ᠡ ᠬᠠᠩᠰᠢ ᠶᠢᠨ ᠯᠠᠪᠯᠠᠯᠲᠠ ᠶᠢᠨ ᠲᠤᠭ᠎ᠠ ᠪᠠᠷᠢᠮᠲᠠ ᠶᠢ ᠬᠥᠳᠡᠯᠦᠩᠭᠦᠶ ᠪᠠᠷ ᠰᠢᠨᠡᠳᠬᠡᠬᠦ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠠᠴᠠ ᠰᠠᠯᠭᠠᠵᠤ ᠪᠤᠯᠬᠤ ᠥᠬᠡᠶ᠂ ᠵᠦᠪᠳᠡᠯᠴᠡᠨ ᠲᠤᠭᠳᠠᠭᠠᠭᠰᠠᠨ ᠬᠤᠳᠠᠯᠳᠤᠨ ᠠᠪᠬᠤ ᠦᠨ᠎ᠡ ᠬᠠᠩᠰᠢ ᠶᠢ ᠨᠠᠩ ᠵᠦᠶ ᠵᠣᠬᠢᠰᠲᠠᠶ ᠪᠣᠯᠭᠠᠪᠠ᠃      ︵ᠲᠦᠷᠪᠡ︶ ᠬᠤᠳᠠᠯᠳᠤᠨ ᠠᠪᠬᠤ᠂ ᠬᠠᠩᠭᠭᠠᠯᠭ᠎ᠠ᠂ ᠬᠢᠨᠠᠨ ᠬᠠᠮᠢᠶᠠᠷᠤᠯᠳᠠ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠱᠠᠭᠠᠷᠳᠠᠯᠭ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ᠂ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠲᠠᠪᠴᠠᠩ ᠢ ᠵᠢᠷᠤᠮᠵᠢᠭᠤᠯᠤᠨ ᠪᠠᠶᠢᠭᠤᠯᠬᠤ ᠡᠭᠦᠷᠭᠡ ᠴᠢᠳᠠᠪᠤᠷᠢ᠂ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠡᠮᠬᠢ ᠵᠢᠷᠤᠮ ᠲᠠᠢ ᠶᠠᠪᠤᠭᠳᠠᠭᠤᠯᠬᠤ᠂ ᠬᠢᠨᠠᠨ ᠬᠠᠮᠢᠶᠠᠷᠤᠯᠳᠠ ᠬᠤᠳᠠᠯᠳᠤᠨ ᠠᠪᠬᠤ ᠶᠠᠪᠤᠴᠠ ᠳᠤ ᠵᠢᠷᠤᠮᠯᠠᠬᠤ ᠦᠨᠳᠦᠰᠦᠯᠡᠯ ᠲᠠᠢ ᠪᠠᠶᠢᠬᠤ ᠶᠢ ᠦᠨᠡᠨ ᠬᠦ ᠪᠠᠲᠤᠯᠠᠪᠠ᠃      ᠳᠥᠷᠪᠡ᠂ ︽ᠰᠦᠯᠵᠢᠶᠡᠨ ᠳᠤ ᠭᠠᠷᠭᠠᠬᠤ ᠮᠡᠳᠡᠭᠳᠡᠯ︾ ᠢ ᠬᠡᠷᠡᠭᠵᠢᠭᠦᠯᠬᠦ ᠴᠠᠭ      ︽ᠮᠡᠳᠡᠭᠳᠡᠯ︾ ᠢ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ  ᠭᠠᠷᠭᠠᠬᠤ ᠠᠵᠢᠯ ᠤᠨ ᠪᠣᠳᠠᠲᠤ ᠪᠠᠶᠢᠳᠠᠯ ᠢ ᠪᠣᠳᠣᠯᠬᠢᠯᠠᠵᠤ᠂ ᠠᠯᠬᠤᠮ ᠪᠦᠯᠦᠭ ᠬᠤᠪᠢᠶᠠᠨ ᠬᠡᠷᠡᠭᠵᠢᠭᠦᠯᠬᠦ ᠠᠷᠭ᠎ᠠ ᠶᠢ ᠠᠪᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号