ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/22
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠨᠢᠭᠡᠴᠡ᠄      ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ  ﹇2020﹈5 ᠳ᠋ᠤᠭᠠᠷ ᠲᠣᠭᠠᠲᠤ︶ ᠢ ᠦᠨᠳᠦᠰᠦᠯᠡᠨ᠂ ︽ᠳᠠᠭᠤᠷᠢᠶᠠᠮᠠᠯ ᠡᠮ ᠤᠨ ᠬᠠᠩᠭᠠᠯᠭ᠎ᠠ ᠶᠢ ᠪᠠᠲᠤᠯᠠᠬᠤ ᠵᠢᠴᠢ ᠬᠡᠷᠡᠭᠯᠡᠬᠦ ᠲᠥᠷᠥ ᠶᠢᠨ ᠪᠣᠳᠣᠯᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ  ﹇2018﹈ 89 ᠳ᠋ᠤᠭᠡᠷ ᠲᠣᠭᠠᠲᠤ︶ ᠪᠣᠯᠤᠨ ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠤᠨ ᠰᠢᠷᠬᠠᠲᠤᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2019 ᠣᠨ ᠤ ᠬᠡᠪᠯᠡᠯ︶ ᠢ ᠬᠡᠷᠡᠭᠵᠢᠭᠦᠯᠬᠦ ᠲᠤᠬᠠᠶ ᠮᠡᠳᠡᠭᠳᠡᠯ︾  ︵ᠥᠪᠥᠷ ᠡᠮᠴᠢᠯᠡᠭᠡ  ᠪᠠᠳᠤᠯᠠᠭ᠎ᠠ ᠠᠯᠪᠠᠨ ᠲᠠᠷᠬᠠᠭᠠᠭᠰᠠᠨ  ﹇2019﹈ 61 ᠳ᠋ᠤᠭᠡᠷ ᠲᠣᠭᠠᠲᠤ︶ ᠢ ᠦᠨᠳᠦᠰᠦᠯᠡᠨ᠂ ᠡᠮ ᠤᠨ ᠵᠦᠢᠯ ᠢ ᠰᠤᠳᠤᠯᠤᠨ ᠨᠡᠭᠡᠭᠡᠬᠦ ᠪᠠ ᠡᠮ ᠡᠮᠨᠡᠯᠭᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠦ᠂ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠳᠤᠯᠠᠬᠤ ᠶᠢᠨ ᠲᠦᠯᠦᠭᠡ᠂ ᠡᠳᠦᠭᠡ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠬᠦ ᠲᠤᠬᠠᠶ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ      ︵ᠨᠢᠭᠡ︶ ᠵᠥᠪᠰᠢᠶᠡᠷᠡᠨ ᠣᠷᠣᠭᠤᠯᠬᠤ ᠬᠠᠮᠢᠶᠠᠷᠤᠯᠲᠠ᠃ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠭᠠᠷᠭᠠᠭᠰᠠᠨ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠳᠤ ᠪᠠᠶᠢᠩᠭᠤᠵᠢᠭᠰᠠᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠤᠯᠠᠷᠢᠯ ᠪᠦᠷᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ  ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ︵ᠳᠣᠷᠣᠭᠰᠢ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠭᠡᠵᠦ ᠲᠣᠪᠴᠢᠯᠠᠨ᠎ᠠ︶ ᠢᠶᠠᠷ ᠳᠠᠮᠵᠢᠭᠤᠯᠤᠨ ᠲᠥᠪᠯᠡᠷᠡᠭᠦᠯᠦᠨ ᠭᠤᠶᠤᠴᠢᠯᠠᠨ ᠮᠡᠳᠡᠭᠦᠯᠦᠯᠳᠡ ᠬᠢᠨ᠎ᠡ᠃ ᠰᠢᠰᠲ᠋ᠧᠮ ᠤᠨ ᠲᠤᠳᠤᠷᠠᠬᠢ ᠨᠢᠭᠡᠨᠲᠡ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠳᠤ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠰᠠᠶᠢᠨ ᠳᠤᠷ᠎ᠠ ᠠᠴᠠ ᠪᠠᠨ ᠦᠷᠭᠦᠯᠵᠢᠯᠡᠨ ᠬᠠᠩᠭᠠᠬᠤ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠤᠨ ᠭᠠᠷᠴᠠᠭ ᠤᠨ ᠬᠡᠪᠴᠢᠶ᠎ᠡ ᠳᠤ ᠤᠷᠤᠭᠤᠯᠤᠨ᠎ᠠ᠃ ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠤᠨ ᠰᠢᠷᠬᠠᠲᠤᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2019 ᠣᠨ ᠤ ᠬᠡᠪᠯᠡᠯ︶︾᠂ ︽ᠬᠤᠪᠣᠷ ᠲᠣᠬᠢᠶᠠᠯᠳᠤᠬᠤ ᠡᠪᠡᠳᠴᠢᠨ ᠤ ᠡᠮ ᠤᠨ ᠵᠦᠢᠯ ᠤᠨ ᠨᠠᠷᠢᠨ ᠬᠠᠭᠤᠳᠠᠰᠤ ︵ᠨᠢᠭᠡᠳᠦᠭᠡᠷ ᠪᠦᠯᠦᠭ︶︾ ᠳᠤ ᠬᠠᠷᠢᠶᠠᠯᠠᠭᠳᠠᠬᠤ ᠡᠮ ᠤᠨ ᠵᠦᠢᠯ᠂ ᠡᠰᠡᠬᠦᠯ᠎ᠡ ︽ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠭᠠᠷᠭᠠᠭᠰᠠᠨ ᠡᠮ ᠤᠨ ᠵᠦᠢᠯ ᠤᠨ ᠭᠠᠷᠴᠠᠭ ᠤᠨ ᠲᠡᠭᠦᠪᠦᠷᠢ︾ ᠳᠠᠬᠢ ᠭᠠᠳᠠᠭᠠᠳᠤ ᠠᠴᠠ ᠣᠷᠣᠭᠤᠯᠤᠭᠰᠠᠨ ᠤᠤᠯ ᠤᠨ ᠰᠤᠳᠤᠯᠤᠭᠰᠠᠨ ᠡᠮ ᠤᠨ ᠵᠦᠢᠯ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠨᠢᠭᠡᠳᠦᠯᠲᠦ ᠴᠢᠨᠠᠷᠲᠠᠶ ᠦᠨᠡᠯᠡᠯᠲᠡ ᠶᠢᠨ ᠬᠠᠷᠢᠴᠠᠭᠤᠯᠬᠤ ᠨᠠᠶᠢᠷᠠᠯᠲᠠ᠂ ᠶᠠᠰᠤ ᠴᠢᠨᠠᠷ ᠪᠠ ᠡᠮᠴᠢᠯᠡᠭᠡᠨ ᠤ ᠦᠢᠯᠡᠳᠦᠯ ᠤᠨ ᠨᠢᠭᠡᠳᠦᠯᠲᠦ ᠴᠢᠨᠠᠷᠲᠠᠶ ᠦᠨᠡᠯᠡᠯᠲᠡ ᠪᠠᠷ ᠳᠠᠮᠵᠢᠭᠰᠠᠨ ᠡᠮ ᠤᠨ ᠵᠦᠢᠯ ᠪᠠ ᠬᠢᠮᠢ ᠶᠢᠨ ᠡᠮ ᠤᠨ ᠵᠦᠢᠯ ᠤᠨ ᠰᠢᠨ᠎ᠡ ᠳᠠᠩᠰᠠᠯᠠᠭᠤᠯᠤᠯᠲᠠ ᠪᠠᠷ ᠲᠥᠷᠥᠯ ᠬᠤᠪᠢᠶᠠᠵᠤ ᠵᠥᠪᠰᠢᠶᠡᠷᠡᠭᠰᠡᠨ ᠳᠠᠭᠤᠷᠢᠶᠠᠮᠠᠯ ᠡᠮ ᠵᠢᠴᠢ 2015 ᠣᠨ ᠤ 6 ᠳ᠋ᠤᠭᠠᠷ ᠰᠠᠷ᠎ᠠ ᠠᠴᠠ ᠬᠤᠶᠢᠰᠢ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠨ᠎ᠡ ᠪᠠᠷ ᠵᠥᠪᠰᠢᠶᠡᠷᠡᠭᠰᠡᠨ ᠵᠠᠬ᠎ᠠ ᠳᠡᠯᠭᠡᠭᠦᠷ ᠲᠤ ᠭᠠᠷᠭᠠᠬᠤ ᠶᠢ ᠵᠥᠪᠰᠢᠶᠡᠷᠡᠭᠰᠡᠨ ᠰᠦᠯᠵᠢᠶᠡᠨ ᠳᠤ ᠭᠠᠷᠭᠠᠭᠰᠠᠨ ᠥᠬᠡᠶ ᠡᠮ ᠤᠨ ᠵᠦᠢᠯ ᠳᠤ ᠱᠠᠭᠠᠷᠳᠠᠯᠭ᠎ᠠ ᠶᠣᠰᠣᠭᠠᠷ ᠲᠥᠪᠯᠡᠷᠡᠭᠦᠯᠦᠨ ᠰᠦᠯᠵᠢᠶᠡᠨ ᠳᠤ ᠭᠠᠷᠭᠠᠬᠤ ᠶᠢ ᠮᠡᠳᠡᠭᠦᠯᠵᠦ ᠪᠤᠯᠤᠨ᠎ᠠ᠃      ︵ᠬᠤᠶᠠᠷ︶ ᠬᠠᠮᠢᠶᠠᠷᠤᠯᠲᠠ ᠶᠢ ᠲᠦᠷ ᠵᠣᠭᠰᠣᠭᠠᠬᠤ ᠪᠠ ᠪᠤᠴᠠᠭᠠᠨ ᠭᠠᠷᠭᠠᠨ᠎ᠠ᠃ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ ᠨᠢᠭᠡᠨᠲᠡ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠨᠢ ᠪᠠᠶᠢᠭᠠᠯᠢ ᠶᠢᠨ ᠭᠠᠮᠰᠢᠭ᠂ ᠮᠡᠷᠭᠡᠵᠢᠯ ᠤᠨ ᠥᠭᠡᠷᠡᠴᠢᠯᠡᠯᠲᠡ᠂ ᠲᠦᠭᠦᠬᠡᠶ ᠮᠠᠲ᠋ᠧᠷᠢᠶᠠᠯ ᠳᠤᠲᠠᠭᠳᠠᠬᠤ ᠵᠡᠷᠭᠡ ᠪᠤᠰᠤᠳᠴᠢ ᠰᠢᠯᠲᠠᠭᠠᠨ ᠠᠴᠠ ᠪᠣᠯᠵᠣ ᠲᠦᠷ ᠴᠠᠭ ᠬᠡᠪ ᠤᠨ ᠪᠠᠶᠢᠳᠠᠯ ᠢᠶᠠᠷ ᠬᠠᠩᠭᠠᠵᠤ ᠳᠡᠶᠢᠯᠬᠦ ᠥᠬᠡᠶ ᠪᠣᠯᠤᠭᠰᠠᠨ ᠪᠠᠶᠢᠪᠠᠯ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠭᠤᠶᠤᠴᠢᠯᠠᠯ ᠭᠠᠷᠭᠠᠵᠤ᠂ ᠰᠦᠯᠵᠢᠶᠡᠨ ᠳᠤ ᠭᠠᠷᠭᠠᠬᠤ ᠶᠢ ᠨᠢ ᠲᠦᠷ ᠵᠤᠭᠰᠤᠭᠠᠨ᠎ᠠ᠃ ᠬᠠᠩᠭᠠᠯᠭ᠎ᠠ ᠨᠢ ᠬᠡᠪ ᠤᠨ ᠪᠣᠯᠤᠭᠰᠠᠨ ᠤ ᠳᠠᠷᠠᠭ᠎ᠠ ᠰᠦᠯᠵᠢᠶᠡᠨ ᠳᠤ ᠭᠠᠷᠬᠤ ᠬᠢᠷᠢ ᠬᠡᠮ ᠢ ᠰᠡᠷᠭᠦᠭᠡᠬᠦ ᠪᠠᠷ ᠭᠤᠶᠤᠴᠢᠯᠠᠵᠤ ᠪᠣᠯᠤᠨ᠎ᠠ᠂ ᠠᠷᠠᠯᠵᠢᠶᠠᠯᠠᠬᠤ ᠦᠨ᠎ᠡ ᠬᠠᠩᠰᠢ ᠶᠢ ᠲᠦᠷ ᠵᠣᠭᠰᠣᠭᠠᠬᠤ ᠠᠴᠠ ᠡᠮᠦᠨᠡᠬᠢ ᠦᠨ᠎ᠡ ᠬᠠᠩᠰᠢ ᠠᠴᠠ ᠥᠨᠳᠥᠷ ᠪᠠᠶᠢᠯᠭᠠᠵᠤ ᠪᠣᠯᠬᠤ ᠥᠬᠡᠶ᠃ ᠪᠤᠰᠤᠳ ᠰᠢᠯᠲᠠᠭᠠᠨ ᠠᠴᠠ ᠪᠣᠯᠵᠤ ᠬᠡᠪ ᠤᠨ ᠪᠠᠶᠢᠳᠠᠯ ᠢᠶᠠᠷ ᠬᠠᠩᠭᠠᠵᠤ ᠳᠡᠶᠢᠯᠬᠦ ᠦᠭᠡᠶ ᠪᠤᠶᠤ ᠨᠢᠭᠡ ᠵᠢᠯ ᠠᠴᠠ ᠳᠡᠭᠡᠭᠰᠢ ᠠᠷᠠᠯᠵᠢᠶ᠎ᠠ ᠬᠢᠭᠰᠡᠨ ᠦᠭᠡᠶ ᠪᠣᠯ ᠲᠤᠰᠬᠠᠶ ᠮᠡᠷᠭᠡᠵᠢᠯᠲᠡᠨ ᠢᠶᠠᠷ ᠦᠨᠡᠯᠡᠨ ᠵᠢᠱᠢᠭᠦᠯᠵᠦ ᠬᠢᠨᠠᠨ ᠬᠠᠷᠭᠤᠭᠤᠯᠤᠭᠠᠳ᠂ ᠡᠮᠴᠢᠯᠡᠭᠡᠨ ᠳᠤ ᠬᠡᠷᠡᠭᠯᠡᠬᠦ ᠡᠮ ᠢ ᠨᠥᠯᠥᠭᠡᠯᠡᠬᠦ ᠦᠭᠡᠶ ᠪᠣᠯ ᠪᠤᠴᠠᠭᠠᠵᠤ ᠭᠠᠷᠭᠠᠨ᠎ᠠ᠃      ᠬᠤᠶᠠᠷ᠂ ᠡᠮ ᠤᠨ ᠵᠦᠢᠯ ᠢ ᠰᠦᠯᠵᠢᠶᠡᠨ ᠳᠤ ᠭᠠᠷᠭᠠᠬᠤ ᠭᠤᠶᠤᠴᠢᠯᠠᠨ ᠮᠡᠳᠡᠭᠦᠯᠬᠦ ᠭᠤᠤᠯ ᠴᠣᠭᠴᠠ ᠶᠢ ᠵᠢᠷᠤᠮᠵᠢᠭᠤᠯᠤᠨ᠎ᠠ        ᠨᠡᠷ᠎ᠡ ᠮᠡᠳᠡᠭᠦᠯᠦᠭᠰᠡᠨ ᠠᠵᠤ ᠠᠬᠤᠶᠢᠯᠠᠯ ᠵᠢᠴᠢ ᠡᠮ ᠤᠨ ᠵᠦᠢᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠰᠢᠭᠤᠳ ᠮᠡᠳᠡᠭᠦᠯᠬᠦ ᠬᠡᠷᠡᠭᠲᠡᠶ᠃ ᠡᠮ ᠤᠨ ᠵᠦᠢᠯ ᠢ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠤᠨ ᠡᠵᠡᠮᠰᠢᠭᠴᠢ᠂ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠤᠨ ᠡᠵᠡᠮᠰᠢᠭᠴᠢ ᠶᠢᠨ ᠵᠢᠭᠠᠨ ᠲᠣᠭᠲᠠᠭᠠᠭᠰᠠᠨ ᠳᠠᠭᠠᠭᠠᠴᠢᠯᠠᠯᠲᠠ ᠬᠦᠯᠢᠶᠡᠬᠦ ᠪᠡᠶᠡᠴᠢ ᠴᠣᠭᠴᠠ᠂ ᠭᠠᠳᠠᠭᠠᠳᠤ ᠠᠴᠠ ᠣᠷᠣᠭᠤᠯᠬᠤ ᠡᠮ ᠤᠨ ᠵᠦᠢᠯ ᠤᠨ ᠤᠯᠤᠰ ᠤᠨ ᠳᠣᠲᠣᠭᠠᠳᠤ ᠶᠢᠨ ᠶᠡᠷᠦᠩᠬᠡᠢ ᠣᠷᠣᠯᠠᠭᠴᠢ ᠪᠠ ᠦᠢᠯᠡᠳᠪᠦᠷᠢᠯᠡᠯ ᠤᠨ ᠠᠵᠤ ᠠᠬᠤᠶᠢᠯᠠᠯ ᠤᠨ ᠪᠠᠶᠢᠭᠤᠯᠤᠭᠰᠠᠨ ᠵᠥᠪᠬᠡᠨ ᠲᠤᠰ ᠺᠣᠮᠫᠠᠨᠢ ᠶᠢᠨ ᠢᠶᠠᠨ ᠡᠮ ᠤᠨ ᠵᠦᠢᠯ ᠢ ᠪᠣᠷᠣᠯᠠᠭᠤᠯᠬᠤ ᠬᠤᠳᠠᠯᠳᠤᠭᠠᠨ ᠤ ᠺᠣᠮᠫᠠᠨᠢ ᠶᠢ ᠦᠢᠯᠡᠳᠪᠦᠷᠢᠯᠡᠯ ᠤᠨ ᠠᠵᠤ ᠠᠬᠤᠶᠢᠯᠠᠯ ᠢᠶᠠᠷ ᠦᠵᠡᠨ᠎ᠡ᠃      ᠭᠤᠷᠪᠠ᠂ ᠡᠮ ᠤᠨ ᠵᠦᠢᠯ ᠢ ᠰᠦᠯᠵᠢᠶᠡᠨ ᠳᠡᠭᠡᠷ᠎ᠡ ᠲᠥᠷᠥᠯ ᠬᠤᠪᠢᠶᠠᠨ ᠬᠤᠳᠠᠯᠳᠤᠨ ᠠᠪᠬᠤ ᠶᠢ ᠬᠡᠷᠡᠭᠵᠢᠭᠦᠯᠦᠨ᠎ᠡ      ︵ᠨᠢᠭᠡ︶ ᠰᠢᠭᠤᠳ ᠬᠤᠳᠠᠯᠳᠤᠨ ᠠᠪᠬᠤ᠃ ᠤᠯᠤᠰ ᠠᠴᠠ ᠡᠮ ᠤᠨ ᠵᠦᠢᠯ ᠢ ᠬᠡᠯᠡᠯᠴᠡᠭᠡ ᠬᠢᠬᠦ᠂ ᠤᠯᠤᠰ ᠠᠴᠠ ᠴᠡᠭ ᠲᠤᠭᠳᠠᠭᠠᠭᠰᠠᠨ ᠡᠮ ᠤᠨ ᠵᠦᠢᠯ ᠢ ᠦᠢᠯᠡᠳᠪᠦᠷᠢᠯᠡᠬᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠡᠮ ᠤᠨ ᠵᠦᠢᠯ ᠢ ᠡᠮᠴᠢᠯᠡᠭᠡᠨ ᠤ ᠪᠠᠶᠢᠭᠤᠯᠤᠮᠵᠢ ᠰᠦᠯᠵᠢᠶ᠎ᠡ ᠶᠢᠨ ᠦᠨ᠎ᠡ ᠬᠠᠩᠰᠢ ᠶᠣᠰᠣᠭᠠᠷ ᠬᠤᠳᠠᠯᠳᠤᠨ ᠠᠪᠤᠨ᠎ᠠ᠃ ᠮᠢᠨᠴᠦᠷᠡᠭᠦᠯᠬᠦ ᠡᠮ ᠤᠨ ᠵᠦᠢᠯ ᠂ ᠨᠢᠭᠡᠳᠦᠭᠡᠷ ᠲᠥᠷᠥᠯ ᠤᠨ ᠮᠡᠳᠡᠷᠡᠯ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠣᠷᠲᠤ ᠴᠢᠨᠠᠷᠲᠠᠶ ᠡᠮ ᠤᠨ ᠵᠦᠢᠯ᠂ ᠰᠠᠴᠤᠷᠠᠭ ᠴᠢᠨᠠᠷᠲᠠᠶ ᠡᠮ ᠤᠨ ᠵᠦᠢᠯ᠂ ᠬᠠᠯᠳᠠᠪᠤᠷᠢᠲᠤ ᠡᠪᠡᠳᠴᠢᠨ ᠪᠠ ᠰᠢᠮᠡᠭᠦᠷ ᠬᠤᠷᠣᠬᠠᠶᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠰᠦᠢᠳᠬᠡᠯ ᠬᠤᠷᠢᠶᠠᠬᠤ ᠦᠭᠡᠶ ᠪᠠᠷ ᠬᠡᠷᠡᠭᠯᠡᠬᠦ ᠡᠮ ᠤᠨ ᠵᠦᠢᠯ᠂ ᠤᠯᠤᠰ ᠤᠨ ᠦᠯᠦ ᠬᠠᠯᠳᠠᠭᠠᠬᠤ ᠲᠥᠯᠥᠪᠵᠢᠭᠦᠯᠭᠡ ᠶᠢᠨ ᠸᠠᠺᠼᠢᠨ ᠪᠠ ᠬᠤᠶᠠᠳᠤᠭᠠᠷ ᠲᠥᠷᠥᠯ ᠤᠨ ᠸᠠᠺᠼᠢᠨ᠂ ᠲᠥᠯᠥᠪᠯᠡᠭᠡᠲᠦ ᠦᠷᠡᠵᠢᠯ ᠤᠨ ᠡᠮ ᠤᠨ ᠵᠦᠢᠯ᠂ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠨᠠᠶᠢᠷᠠᠯᠲᠠ᠂ ᠮᠣᠩᠭᠤᠯ ᠡᠮ ᠬᠢᠲᠠᠳ ᠡᠮ ᠤᠨ ᠴᠢᠨᠠᠬᠤ ᠡᠮ ᠵᠡᠷᠭᠡ ᠣᠨᠴᠠᠭᠠᠢ ᠬᠠᠮᠢᠶᠠᠷᠤᠯᠲᠠ ᠶᠢᠨ ᠡᠮ ᠤᠨ ᠵᠦᠢᠯ ᠢ ᠮᠥᠨ ᠬᠦ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠤᠤᠯ ᠤᠨ ᠠᠷᠭ᠎ᠠ ᠵᠠᠮ ᠢᠶᠠᠷ ᠳᠠᠮᠵᠢᠭᠤᠯᠤᠨ ᠬᠤᠳᠠᠯᠳᠤᠨ ᠠᠪᠴᠤ᠂ ᠬᠤᠳᠠᠯᠳᠤᠨ ᠠᠪᠤᠭᠰᠠᠨ ᠲᠤᠭ᠎ᠠ ᠪᠠᠷᠢᠮᠲᠠ ᠪᠠᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠳᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃      ︵ᠬᠤᠶᠠᠷ︶ ᠵᠥᠪᠯᠡᠭᠰᠡᠨ ᠦᠨ᠎ᠡ ᠪᠠᠷ ᠬᠤᠳᠠᠯᠳᠤᠨ ᠠᠪᠬᠤ᠃ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠤᠨ ᠳᠣᠲᠣᠷᠠᠬᠢ ᠬᠤᠳᠠᠯᠳᠤᠨ ᠠᠪᠬᠤ ᠠᠷᠭ᠎ᠠ ᠮᠠᠶ᠋ᠢᠭ ᠨᠢ ᠦᠨ᠎ᠡ ᠬᠢᠵᠠᠭᠠᠷᠯᠠᠨ ᠰᠦᠯᠵᠢᠶᠡᠨ ᠳᠤ ᠭᠠᠷᠭᠠᠭᠰᠠᠨ ᠳᠤ ᠬᠠᠷᠢᠶᠠᠯᠠᠭᠳᠠᠪᠠᠯ᠂ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠠᠴᠠ ᠦᠨ᠎ᠡ ᠬᠠᠩᠰᠢ ᠶᠢ ᠨᠢ ᠬᠢᠵᠠᠭᠠᠷᠯᠠᠭᠰᠠᠨ ᠰᠠᠭᠤᠷᠢᠨ ᠳᠡᠭᠡᠷ᠎ᠡ ᠡᠯ᠎ᠡ ᠮᠤᠵᠢ ᠶᠢᠨ ᠥᠩᠭᠡᠷᠡᠭᠰᠡᠨ ᠤ ᠠᠷᠠᠯᠵᠢᠶᠠᠯᠠᠭᠰᠠᠨ ᠦᠨ᠎ᠡ ᠬᠠᠩᠰᠢ ᠪᠠ ᠮᠠᠨ ᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠥᠩᠭᠡᠷᠡᠭᠰᠡᠨ ᠤ ᠬᠤᠳᠠᠯᠳᠤᠨ ᠠᠪᠤᠭᠰᠠᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠦᠨ᠎ᠡ ᠵᠥᠪᠯᠡᠨ ᠬᠤᠳᠠᠯᠳᠤᠨ ᠠᠪᠬᠤ ᠬᠡᠷᠡᠭᠲᠡᠶ᠃ ᠰᠢᠭᠤᠳ ᠰᠦᠯᠵᠢᠶᠡᠨ ᠳᠤ ᠭᠠᠷᠭᠠᠭᠰᠠᠨ ᠳᠤ ᠬᠠᠷᠢᠶᠠᠯᠠᠭᠳᠠᠪᠠᠯ᠂ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠠᠴᠠ ᠡᠯ᠎ᠡ ᠮᠤᠵᠢ ᠶᠢᠨ ᠬᠤᠳᠠᠯᠳᠤᠨ ᠠᠪᠤᠭᠰᠠᠨ ᠥᠩᠭᠡᠷᠡᠭᠰᠡᠨ ᠤ ᠠᠷᠠᠯᠵᠢᠶ᠎ᠠ ᠶᠢᠨ ᠦᠨ᠎ᠡ ᠬᠠᠩᠰᠢ ᠪᠣᠯᠤᠨ ᠮᠠᠨ ᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠥᠩᠭᠡᠷᠡᠭᠰᠡᠨ ᠤ ᠠᠷᠠᠯᠵᠢᠶ᠎ᠠ ᠶᠢᠨ ᠦᠨ᠎ᠡ ᠬᠠᠩᠰᠢ ᠶᠢ ᠵᠥᠪᠯᠡᠭᠰᠡᠨ ᠦᠨ᠎ᠡ ᠪᠠᠷ ᠯᠠᠪᠯᠠᠯᠲᠠ ᠪᠣᠯᠭᠠᠵᠤ ᠪᠠᠶᠢᠭᠠᠳ ᠬᠤᠳᠠᠯᠳᠤᠨ ᠠᠪᠬᠤ ᠬᠡᠷᠡᠭᠲᠡᠶ᠃      ᠰᠢᠨ᠎ᠡ ᠪᠠᠷ ᠨᠡᠮᠡᠭᠳᠡᠭᠦᠯᠬᠦ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠢ ᠨᠢᠭᠡᠨᠲᠡ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠢᠶᠠᠷ ᠯᠠᠪᠯᠠᠯᠲᠠ ᠪᠣᠯᠭᠠᠵᠤ ᠲᠣᠭᠲᠠᠭᠠᠨ᠎ᠠ᠃ ᠡᠮᠡᠭᠲᠡᠶᠢᠴᠦᠳ ᠪᠠ ᠬᠡᠤᠬᠡᠳ ᠤᠨ ᠲᠤᠰᠬᠠᠶ ᠮᠡᠷᠭᠡᠵᠢᠯ ᠤᠨ ᠲᠤᠰᠬᠠᠶ ᠠᠰᠢᠭ ᠤᠨ ᠪᠤᠰᠤ ᠡᠮ ᠤᠨ ᠵᠦᠢᠯ᠂ ᠪᠠᠴᠢᠮ ᠠᠪᠤᠷᠠᠯᠳᠠ ᠶᠢᠨ ᠡᠮ ᠤᠨ ᠵᠦᠢᠯ᠂ ᠳᠤᠲᠠᠭᠳᠠᠵᠤ ᠪᠠᠶᠢᠭ᠎ᠠ ᠡᠮ ᠤᠨ ᠵᠦᠢᠯ ᠪᠣᠯᠤᠨ ᠰᠠᠭᠤᠷᠢ ᠡᠮ ᠶᠡᠭᠦᠯᠡᠵᠦ ᠬᠤᠳᠠᠯᠳᠤᠨ ᠠᠪᠬᠤ ᠠᠷᠭ᠎ᠠ ᠮᠠᠶ᠋ᠢᠭ ᠢ ᠰᠢᠭᠤᠳ ᠰᠦᠯᠵᠢᠶᠡᠨ ᠳᠤ ᠭᠠᠷᠭᠠᠨ᠎ᠠ︔ ᠪᠤᠰᠤᠳ‌‍ᠰᠦ᠋ᠯᠵᠢᠶᠡᠨ ᠳᠤ ᠭᠠᠷᠭᠠᠭᠰᠠᠨ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠨᠢ ᠦᠨ᠎ᠡ ᠬᠢᠵᠠᠭᠠᠷᠯᠠᠨ  ᠰᠦᠯᠵᠢᠶᠡᠨ ᠳᠤ ᠣᠷᠣᠭᠤᠯᠬᠤ ᠶᠠᠪᠤᠳᠠᠯ ᠪᠣᠯᠤᠨ᠎ᠠ᠃      ︵ᠭᠤᠷᠪᠠ︶ ᠪᠠᠴᠢᠮ ᠪᠠᠶᠢᠳᠠᠯ ᠢ ᠠᠷᠭᠠᠴᠠᠭᠠᠵᠤ ᠬᠤᠳᠠᠯᠳᠤᠨ ᠠᠪᠬᠤ᠃ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠬᠢᠵᠢᠭ ᠢ ᠰᠡᠷᠭᠡᠶᠢᠯᠡᠨ ᠡᠵᠡᠮᠳᠡᠬᠦ᠂ ᠪᠠᠴᠢᠮ ᠠᠪᠤᠷᠠᠯᠳᠠ ᠵᠡᠷᠭᠡ ᠪᠠᠴᠢᠮ ᠪᠠᠶᠢᠳᠠᠯ ᠠᠴᠠ ᠪᠣᠯᠵᠣ᠂ ᠡᠮᠴᠢᠯᠡᠭᠡ ᠪᠠᠷ ᠠᠪᠤᠷᠠᠨ ᠵᠠᠰᠠᠬᠤ ᠳᠤ ᠵᠠᠪᠠᠯ ᠱᠠᠭᠠᠷᠳᠠᠭᠳᠠᠬᠤ ᠪᠣᠯᠪᠠᠴᠤ ᠰᠦᠯᠵᠢᠶᠡᠨ ᠳᠤ ᠭᠠᠷᠭᠠᠭᠰᠠᠨ ᠡᠮ ᠤᠨ ᠵᠦᠢᠯ ᠨᠢ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠤᠶᠤ ᠬᠠᠩᠭᠠᠯᠭ᠎ᠠ ᠶᠢ ᠬᠠᠩᠭᠠᠵᠤ ᠳᠡᠶᠢᠯᠬᠦ ᠥᠬᠡᠶ ᠳᠤ ᠡᠮ ᠤᠨ ᠵᠦᠢᠯ ᠢ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠵᠢᠷᠤᠮᠵᠢᠯ ᠶᠣᠰᠣᠭᠠᠷ ᠤᠷᠢᠳᠠᠪᠠᠷ ᠬᠤᠳᠠᠯᠳᠤᠨ ᠠᠪᠬᠤ ᠶᠢᠨ ᠬᠠᠮᠲᠤ᠂ 10 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠬᠤᠳᠠᠯᠳᠤᠨ ᠠᠪᠬᠤ ᠲᠥᠪ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠵᠤ ᠪᠣᠯᠤᠨ᠎ᠠ᠃      ᠳᠥᠷᠪᠡ᠂ ᠰᠦᠯᠵᠢᠶᠡᠨ ᠳᠡᠭᠡᠷᠡᠬᠢ ᠡᠮ ᠤᠨ ᠵᠦᠢᠯ ᠤᠨ ᠦᠨ᠎ᠡ ᠬᠠᠩᠰᠢ ᠶᠢᠨ ᠬᠠᠮᠢᠶᠠᠷᠤᠯᠲᠠ ᠶᠢ  ᠴᠢᠩᠭᠠᠳᠬᠠᠨ᠎ᠠ      ︵ᠨᠢᠭᠡ︶ ᠦᠨ᠎ᠡ ᠬᠢᠵᠠᠭᠠᠷᠯᠠᠨ ᠲᠣᠭᠲᠠᠭᠠᠬᠤ᠃ ᠡᠮ ᠤᠨ ᠵᠦᠢᠯ ᠤᠨ ᠬᠢᠵᠠᠭᠠᠷᠯᠠᠭᠰᠠᠨ ᠦᠨ᠎ᠡ ᠳᠤ ᠪᠦᠯᠦᠭ ᠬᠤᠪᠢᠶᠠᠨ ᠲᠥᠷᠥᠯ ᠬᠤᠪᠢᠶᠠᠨ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠪᠥᠬᠦ ᠤᠯᠤᠰ ᠤᠨ ᠡᠯ᠎ᠡ ᠮᠤᠵᠢ ᠬᠤᠲᠠ ︵ᠲᠣᠭᠤᠷᠢᠭ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠷᠠᠯᠵᠢᠶᠠᠨ ᠤ ᠦᠨ᠎ᠡ ᠬᠠᠩᠰᠢ ᠶᠢᠨ ᠮᠡᠳᠡᠭᠡ ᠵᠠᠩᠭᠢ ᠨᠢ 5 ᠵᠢᠴᠢ 5 ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠪᠥᠬᠦ ᠤᠯᠤᠰ ᠤᠨ ᠡᠯ᠎ᠡ ᠮᠤᠵᠢ ᠬᠤᠲᠠ ︵ᠲᠣᠭᠤᠷᠢᠭ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠳᠣᠤᠷ᠎ᠠ ᠠᠷᠠᠯᠵᠢᠶᠠᠨ ᠤ ᠦᠨ᠎ᠡ ᠬᠠᠩᠰᠢ ᠪᠠᠷ ᠬᠤᠳᠠᠯᠳᠤᠨ ᠠᠪᠬᠤ ᠬᠢᠵᠠᠭᠠᠷᠯᠠᠭᠰᠠᠨ ᠦᠨ᠎ᠡ ᠪᠣᠯᠭᠠᠵᠤ᠂ ᠢᠯᠡ ᠨᠡᠶᠢᠲᠡᠯᠡᠭᠡᠳ ᠣᠨᠳᠣᠤ ᠰᠠᠨᠠᠯ ᠥᠬᠡᠶ ᠪᠣᠯ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠬᠡᠪᠴᠢᠶᠡᠨ ᠳᠤ ᠣᠷᠣᠭᠤᠯᠤᠨ᠎ᠠ︔ ᠪᠥᠬᠦ ᠤᠯᠤᠰ ᠤᠨ ᠡᠯ᠎ᠡ ᠮᠤᠵᠢ ᠬᠤᠲᠠ ︵ᠲᠣᠭᠤᠷᠢᠭ︶ ᠶᠢᠨ ᠠᠷᠠᠯᠵᠢᠶᠠᠯᠠᠬᠤ ᠦᠨ᠎ᠡ ᠬᠠᠩᠰᠢ ᠨᠢ 5 ᠬᠥᠷᠬᠦ ᠥᠬᠡᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠬᠤᠳᠠᠯᠳᠤᠨ ᠠᠪᠬᠤ ᠲᠥᠪ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠠᠳᠠᠯᠢ ᠲᠥᠷᠥᠯ ᠤᠨ ᠡᠮ ᠤᠨ ᠵᠦᠢᠯᠡᠰ ᠤᠨ ᠦᠨ᠎ᠡ ᠬᠠᠩᠰᠢ ᠪᠠᠷ ᠯᠠᠪᠯᠠᠯᠲᠠ ᠪᠣᠯᠭᠠᠨ ᠵᠦᠶ ᠵᠣᠬᠢᠰᠲᠠᠶ ᠬᠢᠵᠠᠭᠠᠷᠲᠤ ᠦᠨ᠎ᠡ ᠲᠣᠭᠲᠠᠭᠠᠵᠤ᠂ ᠵᠠᠷᠴᠢᠮ ᠳᠡᠭᠡᠷ᠎ᠡ ᠪᠠᠨ ᠪᠥᠬᠦ ᠤᠯᠤᠰ ᠤᠨ ᠬᠠᠮᠤᠭ ᠤᠨ ᠳᠣᠤᠷ᠎ᠠ ᠠᠷᠠᠯᠵᠢᠶᠠᠯᠠᠬᠤ ᠦᠨ᠎ᠡ ᠬᠠᠩᠰᠢ ᠠᠴᠠ ᠥᠨᠳᠥᠷ ᠪᠠᠶᠢᠯᠭᠠᠵᠤ ᠪᠣᠯᠬᠤ ᠥᠬᠡᠶ᠂ ᠵᠠᠷᠯᠠᠨ ᠨᠡᠶᠢᠲᠡᠯᠡᠭᠡᠳ ᠣᠨᠳᠣᠤ ᠰᠠᠨᠠᠯ ᠥᠬᠡᠶ ᠪᠣᠯ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠬᠡᠪᠴᠢᠶᠡᠨ ᠳᠤ ᠣᠷᠣᠭᠤᠯᠬᠤ ᠬᠡᠷᠡᠭᠲᠡᠶ᠃ ᠡᠭᠦᠨ ᠳᠤ ᠬᠡᠯᠡᠯᠴᠡᠭᠡ ᠬᠢᠬᠦ ᠬᠡᠯᠡᠯᠴᠡᠭᠡᠷ ᠤᠨ ᠬᠦᠴᠦᠨ ᠲᠠᠢ ᠬᠤᠭᠤᠴᠠᠭᠠᠨ ᠳᠤ ᠬᠠᠷᠢᠶᠠᠯᠠᠭᠳᠠᠬᠤ ᠤᠯᠤᠰ ᠤᠨ ᠬᠡᠯᠡᠯᠴᠡᠭᠡ ᠬᠢᠭᠰᠡᠨ ᠡᠮ ᠤᠨ ᠵᠦᠢᠯ ᠢ ᠳᠠᠭᠤᠷᠢᠶᠠᠨ ᠦᠢᠯᠡᠳᠦᠭᠰᠡᠨ ᠡᠮ ᠤᠨ ᠦᠨ᠎ᠡ ᠨᠢ ᠡᠷᠬᠡᠪᠰᠢ ᠤᠯᠤᠰ ᠤᠨ ᠬᠡᠯᠡᠯᠴᠡᠭᠡ ᠬᠢᠵᠦ ᠲᠣᠭᠲᠠᠭᠠᠭᠰᠠᠨ ᠡᠮ ᠡᠮᠨᠡᠯᠭᠡ ᠶᠢᠨ ᠳᠠᠭᠠᠳᠬᠠᠯ ᠤᠨ ᠳᠥᠯᠥᠬᠦ ᠪᠠᠷᠢᠮᠵᠢᠶ᠎ᠠ ᠠᠴᠠ ᠳᠣᠤᠷ᠎ᠠ ᠪᠠᠶᠢᠬᠤ ᠬᠡᠷᠡᠭᠲᠡᠶ ᠪᠥᠭᠡᠳ ᠪᠥᠬᠦ ᠤᠯᠤᠰ ᠤᠨ ᠡᠯ᠎ᠡ ᠮᠤᠵᠢ ᠬᠤᠲᠠ ︵ᠣᠷᠣᠨ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠷᠠᠯᠵᠢᠶᠠᠨ ᠤ ᠬᠠᠮᠤᠭ ᠤᠨ ᠳᠣᠤᠷ᠎ᠠ ᠦᠨ᠎ᠡ ᠠᠴᠠ ᠥᠨᠳᠥᠷ ᠪᠠᠶᠢᠵᠤ ᠪᠣᠯᠬᠤ ᠥᠬᠡᠶ᠃      ︵ᠬᠤᠶᠠᠷ︶ ᠯᠠᠪᠯᠠᠬᠤ ᠦᠨ᠎ᠡ ᠶᠢ ᠴᠤᠭᠯᠠᠭᠤᠯᠬᠤ᠃ ᠵᠥᠪᠯᠡᠯᠭᠡ ᠦᠨ᠎ᠡ ᠪᠠᠷ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠤᠭᠰᠠᠨ ᠡᠮ ᠤᠨ ᠵᠦᠢᠯ ᠳᠤ᠂ ᠠᠵᠤ ᠠᠬᠤᠶᠢᠯᠠᠯ ᠨᠢ ᠪᠥᠬᠦ ᠤᠯᠤᠰ ᠤᠨ ᠡᠯ᠎ᠡ ᠮᠤᠵᠢ ᠬᠤᠲᠠ ︵ᠲᠣᠭᠤᠷᠢᠭ︶ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠷᠠᠯᠵᠢᠶᠠᠨ ᠤ ᠦᠨ᠎ᠡ ᠬᠠᠩᠰᠢ ᠪᠠᠷ ᠯᠠᠪᠯᠠᠯᠲᠠ ᠪᠣᠯᠭᠠᠬᠤ ᠦᠨ᠎ᠡ ᠬᠠᠩᠰᠢ ᠬᠠᠩᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠵᠥᠪᠯᠡᠯᠭᠡ ᠶᠢᠨ ᠦᠨ᠎ᠡ ᠳᠤ ᠯᠠᠪᠯᠠᠯᠲᠠ ᠪᠣᠯᠭᠠᠬᠤ ᠴᠢᠬᠤᠯᠠᠲᠠᠶ᠃      ︵ᠭᠤᠷᠪᠠ︶ ᠦᠨ᠎ᠡ ᠬᠠᠩᠰᠢ ᠶᠢᠨ ᠬᠥᠳᠡᠯᠦᠩᠭᠦᠢ ᠲᠣᠬᠢᠷᠠᠭᠤᠯᠤᠯᠲᠠ᠃ ᠮᠠᠨ ᠤ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠬᠡᠪᠴᠢᠶᠡᠨ ᠳᠤ ᠣᠷᠣᠭᠤᠯᠤᠭᠰᠠᠨ ᠡᠮ ᠤᠨ ᠵᠦᠢᠯ ᠳᠤ ᠬᠡᠷᠪᠡ ᠪᠤᠰᠤᠳ ᠮᠤᠵᠢ ᠬᠤᠲᠠ ︵ᠣᠷᠣᠨ︶ ᠳᠤ ᠰᠢᠨ᠎ᠡ ᠠᠷᠠᠯᠵᠢᠶᠠᠯᠠᠬᠤ ᠦᠨ᠎ᠡ ᠬᠠᠩᠰᠢ ᠭᠠᠷᠪᠠᠯ᠂ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠲᠣᠰ ᠦᠨ᠎ᠡ ᠬᠠᠩᠰᠢ ᠶᠢ ᠵᠢᠩᠬᠢᠨᠢ ᠪᠠᠷ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠳᠣᠲᠣᠷ᠎ᠠ ᠦᠨ᠎ᠡ ᠬᠠᠩᠰᠢ ᠲᠣᠬᠢᠷᠠᠭᠤᠯᠬᠤ ᠭᠤᠶᠤᠴᠢᠯᠠᠯ ᠳᠤᠷᠠᠳᠴᠤ᠂ ᠦᠨ᠎ᠡ ᠬᠠᠩᠰᠢ ᠶᠢᠨ ᠬᠤᠯᠪᠤᠭᠳᠠᠯ ᠤᠨ ᠵᠣᠬᠢᠴᠠᠮᠵᠢ ᠥᠷᠨᠢᠭᠦᠯᠦᠨ᠎ᠡ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠡᠮ ᠤᠨ ᠵᠦᠢᠯ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠦᠢᠯᠡ ᠠᠵᠢᠯᠯᠠᠭ᠎ᠠ ᠶᠢ  ᠵᠢᠷᠤᠮᠵᠢᠭᠤᠯᠤᠨ᠎ᠠ᠃ ᠪᠥᠬᠦ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠵᠦ ᠪᠠᠶᠢᠭ᠎ᠠ ᠡᠮ ᠤᠨ ᠵᠦᠢᠯ ᠢ ᠪᠦᠬᠦᠨ ᠢ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠠᠴᠠ ᠬᠤᠳᠠᠯᠳᠤᠨ ᠠᠪᠤᠨ᠎ᠠ᠂ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠠᠴᠠ ᠭᠠᠳᠠᠨ᠎ᠠ ᠬᠤᠳᠠᠯᠳᠤᠨ ᠠᠪᠴᠤ ᠪᠣᠯᠬᠤ ᠥᠬᠡᠶ᠃ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠠᠵᠤ ᠠᠬᠤᠶᠢᠯᠠᠯ ᠯᠤᠭ᠎ᠠ ᠬᠤᠳᠠᠯᠳᠤᠨ ᠠᠪᠬᠤ ᠵᠥᠪᠯᠡᠯᠴᠡᠭᠡᠷ ᠲᠣᠭᠲᠠᠬᠤ ᠶᠢᠨ ᠬᠠᠮᠲᠤ ᠪᠠᠷᠠᠭᠠᠨ ᠤ ᠵᠣᠭᠤᠰ ᠢ ᠴᠠᠭ ᠲᠤᠬᠠᠶ ᠳᠤᠨᠢ ᠳ᠋ᠦᠩᠨᠡᠨ ᠪᠣᠳᠣᠬᠤ ᠬᠡᠷᠡᠭᠲᠡᠶ᠃ ᠲᠣᠰ ᠡᠳᠦᠷ ᠰᠢᠯᠭᠠᠨ ᠬᠤᠷᠢᠶᠠᠵᠤ ᠬᠥᠮᠥᠷᠭᠡ ᠳᠤ ᠣᠷᠣᠭᠤᠯᠬᠤ ᠶᠢᠨ ᠬᠠᠮᠲᠤ 48 ᠴᠠᠭ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠢᠶᠠᠷ ᠡᠮ ᠤᠨ ᠵᠦᠢᠯ ᠢ ᠨᠤᠲᠠᠯᠠᠭᠰᠠᠨ ᠤ ᠳᠠᠷᠠᠭ᠎ᠠ ᠬᠦᠷᠭᠡᠵᠦ ᠥᠭᠭᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠤᠭᠰᠠᠨ ᠡᠮ ᠤᠨ ᠵᠦᠢᠯ ᠢ ᠤᠷᠢᠳᠠᠪᠠᠷ ᠬᠤᠳᠠᠯᠳᠤᠨ ᠠᠪᠴᠤ ᠬᠡᠷᠡᠭᠯᠡᠨ᠂ ᠪᠣᠯᠵᠣᠭᠰᠠᠨ ᠬᠤᠳᠠᠯᠳᠤᠨ ᠠᠪᠬᠤ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠬᠠᠩᠭᠠᠯᠭ᠎ᠠ ᠪᠠᠲᠤᠯᠠᠭ᠎ᠠ ᠶᠢ ᠪᠠᠶᠢᠩᠭᠤᠵᠢᠭᠤᠯᠬᠤ ᠬᠠᠮᠢᠶᠠᠷᠤᠯᠲᠠ ᠶᠢ ᠪᠦᠷᠢᠨᠰᠢᠭᠦᠯᠦᠨ᠎ᠡ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠲᠣᠬᠢᠷᠠᠭᠤᠯᠤᠨ ᠬᠦᠷᠭᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠣᠬᠢᠷᠠᠭᠤᠯᠤᠨ ᠬᠦᠷᠭᠡᠬᠦ ᠠᠵᠢᠯ ᠤᠨ ᠪᠣᠳᠠᠲᠤ ᠪᠠᠶᠢᠳᠠᠯ ᠪᠣᠯᠤᠨ ᠣᠷᠣᠨ ᠪᠦᠰᠡ ᠶᠢᠨ ᠪᠠᠶᠢᠳᠠᠯ ᠲᠠᠢ ᠤᠶᠠᠯᠳᠤᠭᠤᠯᠵᠤ᠂ ᠲᠣᠬᠢᠷᠠᠭᠤᠯᠤᠨ ᠬᠦᠷᠭᠡᠬᠦ ᠲᠥᠪᠯᠡᠷᠡᠯ ᠤᠨ ᠬᠡᠮᠵᠢᠶ᠎ᠡ ᠪᠣᠯᠤᠨ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠲᠣᠬᠢᠷᠠᠭᠤᠯᠤᠨ ᠬᠦᠷᠭᠡᠬᠦ ᠬᠠᠮᠢᠶᠠᠷᠤᠯᠲᠠ ᠪᠠ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠡᠷ᠎ᠡ ᠶᠣᠰᠣᠭᠠᠷ ᠬᠤᠳᠠᠯᠳᠤᠨ ᠠᠪᠬᠤ ᠦᠭᠡᠶ᠂ ᠪᠠᠷᠠᠭ᠎ᠠ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠬᠠᠩᠭᠠᠬᠤ ᠦᠭᠡᠶ᠂ ᠪᠠᠷᠠᠭᠠᠨ ᠤ ᠵᠣᠭᠤᠰ ᠢ ᠴᠠᠭ ᠲᠤᠬᠠᠶ ᠳᠤᠨᠢ ᠥᠭᠬᠦ ᠦᠭᠡᠶ ᠵᠡᠷᠭᠡ ᠭᠡᠷ᠎ᠡ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ︵ᠭᠤᠷᠪᠠ︶ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠢᠴᠡᠳᠭᠡᠬᠦ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠨᠢ ᠬᠠᠩᠭᠠᠯᠭ᠎ᠠ ᠪᠠᠲᠤᠯᠠᠭ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ  ᠡᠵᠡᠩᠨᠡᠨ᠂ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠬᠦᠢᠴᠡᠳᠭᠡᠵᠦ᠂ ᠢᠳᠡᠪᠬᠢᠲᠡᠶ ᠪᠠᠷ ᠴᠤᠤᠷᠢᠶᠠᠲᠤᠨ ᠳᠠᠭᠠᠬᠤ ᠬᠡᠷᠡᠭᠲᠡᠶ᠃ ᠶᠠᠰᠤ ᠴᠢᠨᠠᠷ ᠤᠨ ᠠᠰᠠᠭᠤᠳᠠᠯ ᠭᠠᠷᠤᠭᠰᠠᠨ᠂ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠪᠠᠷᠠᠭ᠎ᠠ ᠬᠠᠩᠭᠠᠭᠰᠠᠨ ᠦᠭᠡᠶ ᠪᠠ ᠲᠣᠬᠢᠷᠠᠭᠤᠯᠤᠨ ᠬᠦᠷᠭᠡᠭᠰᠡᠨ ᠦᠭᠡᠶ᠂ ᠬᠤᠳᠠᠯᠳᠤᠭᠠᠨ ᠤ ᠬᠡᠭᠡᠯᠢ ᠬᠠᠭ᠋ᠤᠤᠯᠢ ᠢᠳᠡᠭᠰᠡᠨ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ︽ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾᠂ ︽ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ᠪᠣᠯᠤᠨ ︽ᠤᠯᠤᠰ ᠤᠨ ᠡᠮ ᠡᠮᠨᠡᠯᠭᠡ ᠶᠢᠨ ᠦᠨ᠎ᠡ ᠬᠠᠩᠰᠢ ᠪᠣᠯᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠢᠲᠡᠭᠡᠮᠵᠢ ᠶᠢᠨ ᠦᠨᠡᠯᠡᠯᠲᠡ ᠶᠢᠨ ᠳᠦᠷᠢᠮ︾ ᠵᠡᠷᠭᠡ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ︵ᠳᠥᠷᠪᠡ︶ ᠬᠤᠳᠠᠯᠳᠤᠨ ᠠᠪᠬᠤ ᠲᠠᠪᠴᠠᠩ ᠢ ᠵᠢᠷᠤᠮᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠡᠮ ᠤᠨ ᠵᠦᠢᠯ ᠢ ᠭᠤᠶᠤᠴᠢᠯᠠᠨ ᠮᠡᠳᠡᠭᠦᠯᠵᠦ ᠬᠤᠷᠢᠶᠠᠩᠭᠤᠶᠢᠯᠠᠬᠤ᠂ ᠰᠦᠯᠵᠢᠶᠡᠨ ᠳᠡᠭᠡᠷ᠎ᠡ ᠦᠨ᠎ᠡ ᠮᠡᠳᠡᠭᠦᠯᠬᠦ᠂ ᠬᠤᠳᠠᠯᠳᠤᠨ ᠠᠪᠬᠤ᠂ ᠬᠠᠩᠭᠠᠬᠤ᠂ ᠲᠤᠬᠢᠷᠠᠭᠤᠯᠤᠨ ᠬᠦᠷᠭᠡᠬᠦ᠂ ᠳ᠋ᠦᠩᠨᠡᠨ ᠪᠤᠳᠤᠬᠤ᠂ ᠦᠨᠡᠯᠡᠬᠦ᠂ ᠪᠦᠷᠢᠳᠬᠡᠨ ᠵᠠᠳᠠᠯᠬᠤ᠂ ᠡᠮ ᠬᠡᠷᠡᠭᠯᠡᠬᠦ ᠶᠢ ᠬᠢᠨᠠᠨ ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ᠂ ᠬᠥᠳᠡᠯᠦᠩᠭᠦᠶ ᠪᠠᠷ ᠬᠢᠨᠠᠨ ᠬᠠᠮᠢᠶᠠᠷᠬᠤ᠂ ᠮᠡᠳᠡᠭᠡ ᠵᠠᠩᠭᠢ ᠴᠤᠭᠯᠠᠭᠤᠯᠬᠤ ᠵᠡᠷᠭᠡ ᠲᠠᠯ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠪᠠ ᠬᠢᠨᠠᠨ ᠬᠠᠮᠢᠶᠠᠷᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃      ᠵᠢᠷᠭᠤᠭ᠎ᠠ᠂ ᠪᠤᠰᠤᠳ ᠵᠦᠢᠯ      ︵ᠨᠢᠭᠡ︶ ᠤᠤᠯ ᠤᠨ ᠡᠮ ᠤᠨ ᠵᠦᠢᠯ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠨᠢ ᠲᠤᠰ ᠮᠡᠳᠡᠭᠳᠡᠯ ᠯᠦᠭᠡ ᠨᠢᠭᠡᠳᠦᠯ ᠦᠭᠡᠶ ᠪᠠᠶᠢᠪᠠᠯ᠂ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ ᠬᠡᠷᠪᠡ ᠤᠯᠤᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠲᠤᠰ ᠮᠡᠳᠡᠭᠳᠡᠯ ᠢ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                                                                      2020 ᠣᠨ ᠤ 12 ᠳ᠋ᠤᠭᠠᠷ ᠰᠠᠷ᠎ᠠ ᠶᠢᠨ 11 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号