︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵ᠊
ᠨᠡᠶᠢᠲᠡᠯᠡᠭᠰᠡᠨ ᠴᠠᠭ᠄
2020/12/24
     ᠨᠢᠭᠡ᠂ ᠠᠬᠤᠢ ᠪᠠᠶᠢᠳᠠᠯ ᠪᠠ ᠶᠠᠪᠤᠴᠠ      ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ︵ᠳᠥᠭᠦᠮᠴᠢᠯᠡᠭᠡᠳ ᠬᠥᠬᠡᠬᠤᠲᠠ ᠪᠤᠭᠤᠲᠤ ᠣᠷᠳᠣᠰ ᠤᠯᠠᠭᠠᠨᠴᠠᠪ︶ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠥᠭᠦᠮᠴᠢᠯᠡᠭᠡᠳ ᠬᠦᠨᠳᠦ ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠬᠡᠬᠦ ᠶᠢ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠬᠥᠬᠡᠨᠠᠭᠤᠷ᠂ ᠭᠠᠨᠰᠦ᠂ ᠨᠢᠩᠰᠢᠶᠠ᠂ ᠱᠠᠨᠳᠦ᠋ᠩ᠂ ᠾᠧᠨᠠᠨ ᠵᠡᠷᠭᠡ ᠭᠠᠵᠠᠷ ᠤᠨ ᠬᠦᠨᠳᠦ ᠡᠪᠡᠳᠴᠢᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠭᠰᠡᠨ ᠲᠤᠷᠰᠢᠯᠭ᠎ᠠ ᠪᠠᠷ ᠲᠣᠯᠢ ᠪᠣᠯᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢ ᠵᠣᠬᠢᠶᠠᠨ ᠪᠠᠶᠢᠭᠤᠯᠵᠤ᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾ ᠢ ᠲᠤᠭᠤᠷᠪᠢᠪᠠ᠃  ᠠᠷᠪᠠᠨ ᠬᠤᠶᠠᠷ ᠠᠶᠢᠮᠠᠭ ᠬᠤᠲᠠ ᠵᠢᠴᠢ ᠬᠤᠶᠠᠷ ᠬᠤᠲᠠ ᠶᠢᠨ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ ᠬᠤᠷᠢᠶᠠᠵᠤ᠂ 11 ᠳ᠋ᠤᠭᠡᠷ ᠰᠠᠷ᠎ᠠ ᠶᠢᠨ 10 ᠤ ᠡᠳᠦᠷ ᠠᠴᠠ 11 ᠳ᠋ᠤᠭᠡᠷ ᠰᠠᠷ᠎ᠠ ᠶᠢᠨ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃ 11 ᠳ᠋ᠤᠭᠡᠷ ᠰᠠᠷ᠎ᠠ ᠶᠢᠨ 26 ᠤ ᠡᠳᠦᠷ᠂ ᠠᠶᠢᠮᠠᠭ ᠬᠤᠲᠠ ᠶᠢᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠬᠥᠮᠦᠰ ᠢ ᠴᠤᠭᠯᠠᠭᠤᠯᠤᠨ ᠂ ᠤᠯᠠᠭᠠᠨᠴᠠᠪ ᠬᠤᠲᠠ ᠳᠤ ᠳᠠᠬᠢᠨᠲᠠ ᠰᠤᠳᠤᠯᠤᠨ ᠶᠠᠷᠢᠯᠴᠠᠪᠠ᠃ ᠨᠡᠶᠢᠲᠡ 18 ᠵᠤᠷᠪᠤᠰ ᠵᠠᠰᠠᠪᠤᠷᠢ ᠣᠷᠣᠭᠤᠯᠬᠤ ᠰᠠᠨᠠᠯ ᠤᠨ ᠲᠤᠳᠤᠷ᠎ᠠ ᠠᠴᠠ 12 ᠵᠤᠷᠪᠤᠰ ᠭᠥᠯᠢᠶᠡᠨ ᠠᠪᠴᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 12 ᠳ᠋ᠤᠭᠠᠷ ᠰᠠᠷ᠎ᠠ ᠶᠢᠨ 10 ᠤ ᠡᠳᠦᠷ᠂ ᠣᠷᠳᠣᠰ ᠬᠤᠲᠠ ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ᠂ ᠣᠯᠠᠨ ᠲᠦᠮᠡᠨ ᠤ ᠲᠥᠯᠥᠭᠡᠯᠡᠭᠴᠢ ᠵᠢᠴᠢ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠲᠣᠭᠲᠠᠭᠠᠭᠰᠠᠨ ᠶᠠᠪᠤᠴᠠ ᠨᠢ ᠬᠠᠤᠯᠢ ᠳᠤ ᠨᠡᠶᠢᠴᠡᠵᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ︽18 ᠪᠣᠯᠬᠤ ᠥᠬᠡᠶ︾ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠭᠰᠡᠨ ᠦᠭᠡᠢ᠂ ᠥᠷᠢᠰᠥᠯᠳᠦᠭᠡᠨ ᠢ ᠬᠢᠵᠠᠭᠠᠷᠯᠠᠬᠤ ᠪᠠ ᠠᠷᠢᠯᠭᠠᠬᠤ ᠬᠤᠯᠪᠣᠭᠳᠠᠯ ᠪᠥᠬᠦᠶ ᠠᠭᠤᠯᠭ᠎ᠠ ᠲᠤᠬᠢᠷᠠᠭᠤᠯᠤᠭᠰᠠᠨ ᠦᠭᠡᠢ᠃        12 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 39 ᠳ᠋ᠤᠭᠡᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃     ᠬᠤᠶᠠᠷ᠂ ᠦᠨᠳᠦᠰᠦᠨ ᠪᠣᠷᠣ ᠲᠥᠯᠥᠪ ᠪᠣᠯᠤᠨ ᠭᠤᠣᠯ ᠠᠭᠤᠯᠭ᠎ᠠ      ᠡᠭᠦᠨ ᠳᠤ ᠭᠤᠣᠯᠳᠠᠭᠤ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ᠂ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠂ ᠬᠤᠯᠪᠣᠭᠳᠠᠯ ᠪᠦᠬᠦᠢ ᠱᠠᠭᠠᠷᠳᠠᠯᠭ᠎ᠠ ᠵᠡᠷᠭᠡ ᠭᠤᠷᠪᠠᠨ ᠬᠡᠰᠡᠭ ᠪᠠᠭᠲᠠᠨ᠎ᠠ᠃      ᠨᠢᠭᠡ ᠳᠤ ᠪᠡᠯᠡ ᠴᠤᠭᠯᠠᠭᠤᠯᠬᠤ ᠪᠠᠷᠢᠮᠵᠢᠶ᠎ᠠ ᠶᠢ ᠨᠢᠭᠡᠳᠬᠡᠨ᠎ᠡ᠃ ᠳᠥᠷᠪᠡᠨ ᠬᠤᠲᠠ ᠶᠢᠨ ᠬᠦᠨᠳᠦ  ᠡᠪᠡᠳᠴᠢᠳᠡᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ 2021 ᠣᠨ ᠳᠤ ᠨᠢᠭᠡᠳᠦᠯᠲᠡᠶ ᠪᠠᠷ ᠬᠥᠮᠦᠨ ᠪᠦᠷᠢ ᠵᠢᠯ ᠳᠤ 50 ᠲᠥᠭᠦᠷᠢᠭ ᠪᠣᠯᠭᠠᠨ᠎ᠠ᠃      ᠬᠤᠶᠠᠷ ᠲᠤ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠬᠡᠨ᠎ᠡ᠃ 2021 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠨ ᠦᠭᠬᠦ ᠢ 1. 4 ᠲᠦᠮᠡᠨ ᠲᠥᠭᠦᠷᠢᠭ ᠢᠶᠠᠷ ᠨᠢᠭᠡᠳᠬᠡᠵᠦ᠂ ᠲᠠᠩᠰᠠ ᠲᠠᠶᠢᠯᠬᠤ ᠬᠠᠷᠢᠴᠠᠯ ᠢ 60 % ᠪᠣᠯᠭᠠᠵᠤ᠂ ᠬᠠᠮᠤᠭ ᠤᠨ ᠥᠨᠳᠥᠷ ᠦᠭᠬᠦ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ᠃ ᠡᠭᠦᠨ ᠤ ᠬᠠᠮᠲᠤ᠂ ᠭᠠᠷᠴᠠᠭ ᠠᠴᠠ ᠭᠠᠳᠠᠨᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ 60 % ᠪᠠᠷ ᠦᠭᠬᠦ ᠬᠡᠪᠴᠢᠶᠡᠨ ᠳᠤ ᠣᠷᠣᠭᠤᠯᠵᠤ᠂ ᠪᠦᠬᠦᠯᠢ 18 ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠴᠢ ᠪᠣᠯᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠦᠨ᠎ᠡ᠃      ᠭᠤᠷᠪᠠ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠢ ᠲᠣᠳᠣᠷᠬᠠᠶᠢᠯᠠᠪ᠊‍ᠠ᠋᠃ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠪᠤᠰᠤᠳ ᠠᠶᠢᠮᠠᠭ ᠬᠤᠲᠠ ᠨᠤᠭᠤᠳ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号