ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/25
             ᠥᠪᠥᠷ ᠡᠮᠴᠢᠯᠡᠭᠡ ᠪᠠᠳᠤᠯᠠᠭ᠎ᠠ ᠠᠯᠪᠠᠨ ᠬᠡᠷ  ﹇2020﹈  122 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄      ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ︽︿ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠨ ᠬᠥᠭᠵᠢᠬᠦ ᠲᠥᠯᠥᠪᠵᠢᠭᠦᠯᠭᠡ ᠶᠢᠨ ᠬᠥᠲᠥᠯᠪᠦᠷᠢ ︵2016 — 2020 ᠣᠨ ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾  ︵ᠥᠪᠥᠷ ᠨᠠᠮ ᠲᠠᠷᠬᠠᠭᠠᠭᠰᠠᠨ  ︵2016︶  17 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠴᠠᠪ ᠬᠤᠲᠠ ︵ᠳᠣᠷᠣᠭᠰᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠭᠡᠵᠦ ᠲᠣᠪᠴᠢᠯᠠᠨ᠎ᠠ︶ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ᠬᠦᠨᠳᠦ ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠪᠤᠯᠭᠠᠬᠤ ᠶᠢ ᠪᠡᠶᠡᠯᠡᠭᠦᠯᠬᠦ ᠪᠣᠯᠤᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄        ᠨᠢᠭᠡ᠂ ᠪᠠᠯᠠ ᠴᠤᠭᠯᠠᠭᠤᠯᠬᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ  ᠡᠮᠤᠨ᠎ᠡ ᠭᠤᠷᠪᠠᠨ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠶᠡᠷᠦᠩᠬᠡᠶ ᠲᠤᠭ᠎ᠠ᠂ ᠰᠠᠭᠤᠷᠢ ᠮᠥᠩᠭᠦᠨ ᠤ ᠵᠠᠷᠤᠯᠭ᠎ᠠ᠂ ᠰᠠᠭᠤᠷᠢ ᠮᠥᠩᠭᠦᠨ ᠤ ᠦᠯᠡᠳᠡᠪᠦᠷᠢ ᠵᠡᠷᠭᠡ ᠪᠠᠶᠢᠳᠠᠯ ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠶᠢ ᠲᠣᠭᠲᠠᠭᠠᠵᠤ᠂ 2021 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠵᠢᠯ ᠳᠤ 50 ᠲᠥᠭᠦᠷᠢᠭ ᠪᠤᠯᠭᠠᠨ᠎ᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠭᠡᠨ᠎ᠡ᠃      ︵ᠨᠢᠭᠡ︶ ᠡᠬᠢᠯᠡᠵᠦ ᠥᠭᠬᠦ ᠱᠤᠭᠤᠮ᠃ 2021 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠦᠭᠬᠦ ᠬᠢᠵᠠᠭᠠᠷ ᠪᠣᠯ ᠬᠤᠪᠢ ᠬᠦᠮᠦᠨ ᠤ ᠡᠭᠦᠷᠭᠡᠯᠡᠬᠦ ᠨᠢ ᠵᠢᠯ ᠤᠨ ᠨᠡᠶᠢᠯᠡᠪᠦᠷᠢ 1. 4 ᠲᠦᠮᠡᠨ ᠲᠥᠭᠦᠷᠢᠭ      ︵ᠬᠤᠶᠠᠷ︶ ᠳᠠᠩᠰᠠ ᠲᠠᠶᠢᠯᠬᠤ ᠬᠠᠷᠢᠴᠠᠯ᠃ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ︵ᠲᠥᠷᠥ ᠶᠢᠨ ᠪᠣᠳᠣᠯᠭ᠎ᠠ ᠳᠤ ᠨᠡᠶᠢᠴᠡᠬᠦ ᠣᠨᠴᠠ ᠠᠷᠬᠠᠭ ᠡᠪᠡᠳᠴᠢᠨ ᠤ ᠡᠭᠦᠳᠡᠨ ᠡᠮᠨᠡᠯᠭᠡ ᠶᠢᠨ ᠵᠠᠷᠤᠳᠠᠯ ᠪᠠᠭᠲᠠᠨ᠎ᠠ︶ ᠢ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠲᠣᠭᠲᠠᠭᠠᠯ ᠳᠤ ᠨᠡᠶᠢᠴᠡᠬᠦ ᠦᠯᠡᠳᠡᠭᠰᠡᠨ ᠬᠡᠰᠡᠭ ᠤᠨ ᠵᠠᠷᠤᠳᠠᠯ ᠤᠨ ᠡᠬᠢᠯᠡᠵᠦ ᠥᠭᠬᠦ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠬᠦᠨᠳᠦ ᠡᠪᠡᠳᠴᠢᠨ ᠤ ᠳᠠᠭᠠᠳᠬᠠᠯ ᠤᠨ 60 % ᠶᠢᠨ ᠬᠠᠷᠢᠴᠠᠯ ᠢᠶᠠᠷ ᠥᠭᠭᠦᠨ᠎ᠡ᠃      ︵ᠭᠤᠷᠪᠠ︶ ᠥᠭᠬᠦ ᠬᠡᠪᠴᠢᠶ᠎ᠡ᠃ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠢ 100 % ᠪᠠᠷ ᠥᠭᠬᠦ ᠬᠡᠪᠴᠢᠶᠡᠨ ᠳᠤ ᠣᠷᠣᠭᠤᠯᠤᠨ᠎ᠠ︔ ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠭᠠᠳᠠᠨᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ 60 % ᠪᠠᠷ ᠥᠭᠬᠦ ᠬᠡᠪᠴᠢᠶᠡᠨ ᠳᠤ ᠣᠷᠣᠭᠤᠯᠵᠤ᠂ ᠭᠠᠷᠴᠠᠭ ᠠᠴᠠ ᠭᠠᠳᠠᠨ᠎ᠠ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ ᠢ ᠪᠠᠭᠲᠠᠭᠠᠨ᠎ᠠ᠂ ᠪᠠᠷᠢᠮᠵᠢᠶ᠎ᠠ ᠠᠴᠠ ᠬᠡᠲᠦᠷᠡᠭᠰᠡᠨ ᠣᠷᠣ ᠶᠢᠨ ᠵᠠᠷᠤᠳᠠᠯ᠂ ᠲᠤᠰᠬᠠᠶ ᠮᠡᠷᠭᠡᠵᠢᠯᠲᠡᠨ ᠤ ᠵᠠᠷᠤᠳᠠᠯ᠂ ᠳᠤᠯᠠᠭᠠᠯᠠᠭ᠎ᠠ ᠶᠢᠨ ᠵᠠᠷᠤᠳᠠᠯ᠂ ᠬᠤᠭᠤᠯᠠᠨ ᠤ ᠵᠠᠷᠤᠳᠠᠯ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ᠂ ᠪᠠᠷ᠎ᠠ ᠪᠣᠯᠬᠤ ᠵᠠᠷᠤᠳᠠᠯ᠂ ᠣᠨᠴᠠ ᠬᠡᠷᠡᠭᠰᠡᠬᠦ ᠵᠠᠷᠤᠳᠠᠯ ᠪᠠ ᠪᠤᠰᠤᠳ ᠡᠮᠴᠢᠯᠡᠭᠡᠨ ᠤ ᠪᠤᠰᠤ ᠵᠠᠷᠤᠯᠭ᠎ᠠ ᠶᠢ ᠪᠠᠭᠲᠠᠭᠠᠬᠤ ᠥᠬᠡᠶ᠃      ︵ᠳᠥᠷᠪᠡ︶ ᠬᠠᠮᠤᠭ ᠥᠨᠳᠥᠷ ᠥᠭᠬᠦ ᠬᠢᠵᠠᠭᠠᠷ ᠲᠤᠭ᠎ᠠ᠃ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠥᠨᠳᠥᠷ ᠥᠭᠬᠦ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ᠃      ︵ᠲᠠᠪᠤ︶ ᠪᠦᠬᠦᠯᠢ 18 ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠴᠢ ᠪᠣᠯᠤᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠳᠠᠩᠰᠠ ᠲᠠᠶᠢᠯᠬᠤ ᠬᠠᠷᠢᠴᠠᠯ ᠢ 5 ᠵᠠᠭᠤᠨ ᠤ ᠨᠢᠭᠡᠴᠢ ᠪᠠᠷ ᠳᠡᠭᠡᠭᠰᠢᠯᠡᠭᠦᠯᠦᠨ᠎ᠡ᠃      ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠤᠨ ᠬᠢᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠱᠠᠭᠠᠷᠳᠠᠯᠭ᠎ᠠ ᠶᠣᠰᠣᠭᠠᠷ᠂ ᠠᠵᠢᠯ ᠡᠷᠬᠢᠯᠡᠬᠦ ᠶᠠᠪᠤᠴᠠ ᠶᠢ ᠳᠥᠭᠦᠮᠴᠢᠯᠡᠵᠦ᠂  ᠠᠵᠢᠯ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︵ᠬᠤᠶᠠᠷ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠤᠨ ᠬᠢᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠮᠥᠷᠳᠡᠨ ᠵᠠᠳᠠᠯᠵᠤ ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠨᠡᠮᠡᠭᠳᠡᠭᠦᠯᠦᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠳᠦ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃      ᠲᠣᠰ ︽ᠮᠡᠳᠡᠭᠳᠡᠯ︾ ᠢ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠪᠤᠰᠤᠳ ᠠᠶᠢᠮᠠᠭ ᠬᠤᠲᠠ ᠨᠢ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                                                             2020 ᠣᠨ ᠤ 12 ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号