ᠨᠢᠭᠡ᠂ ᠠᠬᠤᠢ ᠪᠠᠶᠢᠳᠠᠯ ᠪᠠ ᠶᠠᠪᠤᠴᠠ | ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ | ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠥᠬᠡᠬᠤᠲᠠ᠂ ᠪᠤᠭᠤᠲᠤ ᠬᠤᠲᠠ᠂ | ᠣᠷᠳᠣᠰ ᠬᠤᠲᠠ᠂ ᠤᠯᠠᠭᠠᠨᠴᠠᠪ ᠬᠤᠲᠠ ︵ᠳᠥᠭᠦᠮᠴᠢᠯᠡᠭᠡᠳ ᠬᠥᠬᠡᠬᠤᠲᠠ ᠪᠤᠭᠤᠲᠤ ᠣᠷᠳᠣᠰ ᠤᠯᠠᠭᠠᠨᠴᠠᠪ︶ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠥᠭᠦᠮᠴᠢᠯᠡᠭᠡᠳ ᠬᠦᠨᠳᠦ | ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠬᠡᠬᠦ ᠶᠢ | ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠭᠦᠢᠴᠡᠳ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠬᠥᠬᠡᠨᠠᠭᠤᠷ᠂ ᠭᠠᠨᠰᠦ᠂ ᠨᠢᠩᠰᠢᠶᠠ᠂ | ᠱᠠᠨᠳᠦ᠋ᠩ᠂ ᠾᠧᠨᠠᠨ ᠵᠡᠷᠭᠡ ᠭᠠᠵᠠᠷ ᠤᠨ ᠬᠦᠨᠳᠦ ᠡᠪᠡᠳᠴᠢᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ | ᠲᠥᠯᠥᠪᠯᠡᠭᠰᠡᠨ ᠲᠤᠷᠰᠢᠯᠭ᠎ᠠ ᠪᠠᠷ ᠲᠣᠯᠢ ᠪᠣᠯᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ | ᠬᠤᠲᠠ ᠶᠢ ᠵᠣᠬᠢᠶᠠᠨ ᠪᠠᠶᠢᠭᠤᠯᠵᠤ᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ | ᠰᠠᠨᠠᠯ ᠬᠤᠷᠢᠶᠠᠬᠤ ᠨᠣᠤᠷᠠᠭ︶︾ ᠢ ᠲᠤᠭᠤᠷᠪᠢᠪᠠ᠃ ᠠᠷᠪᠠᠨ ᠬᠤᠶᠠᠷ ᠠᠶᠢᠮᠠᠭ ᠬᠤᠲᠠ ᠵᠢᠴᠢ ᠬᠤᠶᠠᠷ | ᠬᠤᠲᠠ ᠶᠢᠨ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ ᠬᠤᠷᠢᠶᠠᠵᠤ᠂ 11 | ᠳ᠋ᠤᠭᠡᠷ ᠰᠠᠷ᠎ᠠ ᠶᠢᠨ 10 ᠤ ᠡᠳᠦᠷ ᠠᠴᠠ 11 ᠳ᠋ᠤᠭᠡᠷ ᠰᠠᠷ᠎ᠠ ᠶᠢᠨ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ | ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ᠃ 11 ᠳ᠋ᠤᠭᠡᠷ ᠰᠠᠷ᠎ᠠ ᠶᠢᠨ 26 ᠤ ᠡᠳᠦᠷ᠂ ᠠᠶᠢᠮᠠᠭ ᠬᠤᠲᠠ ᠶᠢᠨ | ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠤᠳᠤᠷᠢᠳᠤᠯᠭ᠎ᠠ ᠪᠣᠯᠤᠨ ᠬᠠᠮᠢᠶ᠎ᠠ ᠪᠥᠬᠦᠶ ᠬᠥᠮᠦᠰ ᠢ ᠴᠤᠭᠯᠠᠭᠤᠯᠤᠨ | ᠂ ᠤᠯᠠᠭᠠᠨᠴᠠᠪ ᠬᠤᠲᠠ ᠳᠤ ᠳᠠᠬᠢᠨᠲᠠ ᠰᠤᠳᠤᠯᠤᠨ ᠶᠠᠷᠢᠯᠴᠠᠪᠠ᠃ ᠨᠡᠶᠢᠲᠡ 18 ᠵᠤᠷᠪᠤᠰ ᠵᠠᠰᠠᠪᠤᠷᠢ ᠣᠷᠣᠭᠤᠯᠬᠤ | ᠰᠠᠨᠠᠯ ᠤᠨ ᠲᠤᠳᠤᠷ᠎ᠠ ᠠᠴᠠ 12 ᠵᠤᠷᠪᠤᠰ ᠭᠥᠯᠢᠶᠡᠨ ᠠᠪᠴᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ 12 | ᠳ᠋ᠤᠭᠠᠷ ᠰᠠᠷ᠎ᠠ ᠶᠢᠨ 10 ᠤ ᠡᠳᠦᠷ᠂ ᠣᠷᠳᠣᠰ ᠬᠤᠲᠠ ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ᠂ ᠣᠯᠠᠨ ᠲᠦᠮᠡᠨ ᠤ ᠲᠥᠯᠥᠭᠡᠯᠡᠭᠴᠢ ᠵᠢᠴᠢ | ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠤᠯᠠᠮ | ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠬᠠᠤᠯᠢ ᠶᠣᠰᠣᠴᠢ ᠴᠢᠨᠠᠷ ᠤᠨ ᠬᠢᠨᠠᠨ | ᠪᠠᠶᠢᠴᠠᠭᠠᠯᠲᠠ ᠪᠠᠷ ᠳᠡᠮᠵᠢᠨ᠂ ᠲᠣᠭᠲᠠᠭᠠᠭᠰᠠᠨ ᠶᠠᠪᠤᠴᠠ ᠨᠢ ᠬᠠᠤᠯᠢ ᠳᠤ ᠨᠡᠶᠢᠴᠡᠵᠦ᠂ ᠭᠤᠤᠯᠴᠢ ᠥᠷᠢᠰᠥᠯᠳᠦᠭᠡᠨ ᠤ | ᠬᠢᠨᠠᠨ ᠪᠠᠶᠢᠴᠠᠭᠠᠯᠲᠠ ᠶᠢᠨ ︽18 ᠪᠣᠯᠬᠤ ᠥᠬᠡᠶ︾ ᠪᠠᠷᠢᠮᠵᠢᠶ᠎ᠠ ᠶᠢᠨ ᠲᠣᠭᠲᠠᠭᠠᠯ ᠢ ᠵᠥᠷᠢᠴᠡᠭᠰᠡᠨ ᠦᠭᠡᠢ᠂ | ᠥᠷᠢᠰᠥᠯᠳᠦᠭᠡᠨ ᠢ ᠬᠢᠵᠠᠭᠠᠷᠯᠠᠬᠤ ᠪᠠ ᠠᠷᠢᠯᠭᠠᠬᠤ ᠬᠤᠯᠪᠣᠭᠳᠠᠯ ᠪᠥᠬᠦᠶ ᠠᠭᠤᠯᠭ᠎ᠠ ᠲᠤᠬᠢᠷᠠᠭᠤᠯᠤᠭᠰᠠᠨ ᠦᠭᠡᠢ᠃ | 12 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ 39 ᠳ᠋ᠤᠭᠡᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ | ᠪᠠᠲᠤᠯᠠᠪᠠ᠃ | ᠬᠤᠶᠠᠷ᠂ ᠦᠨᠳᠦᠰᠦᠨ ᠪᠣᠷᠣ ᠲᠥᠯᠥᠪ ᠪᠣᠯᠤᠨ ᠭᠤᠣᠯ ᠠᠭᠤᠯᠭ᠎ᠠ | ᠡᠭᠦᠨ ᠳᠤ ᠭᠤᠣᠯᠳᠠᠭᠤ ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ᠂ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ | ᠂ ᠬᠤᠯᠪᠣᠭᠳᠠᠯ ᠪᠦᠬᠦᠢ ᠱᠠᠭᠠᠷᠳᠠᠯᠭ᠎ᠠ ᠵᠡᠷᠭᠡ ᠭᠤᠷᠪᠠᠨ ᠬᠡᠰᠡᠭ ᠪᠠᠭᠲᠠᠨ᠎ᠠ᠃ | ᠨᠢᠭᠡ ᠳᠤ ᠪᠡᠯᠡ ᠴᠤᠭᠯᠠᠭᠤᠯᠬᠤ ᠪᠠᠷᠢᠮᠵᠢᠶ᠎ᠠ ᠶᠢ ᠨᠢᠭᠡᠳᠬᠡᠨ᠎ᠡ᠃ ᠳᠥᠷᠪᠡᠨ ᠬᠤᠲᠠ ᠶᠢᠨ ᠬᠦᠨᠳᠦ | ᠡᠪᠡᠳᠴᠢᠳᠡᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ 2021 ᠣᠨ ᠳᠤ ᠨᠢᠭᠡᠳᠦᠯᠲᠡᠶ ᠪᠠᠷ ᠬᠥᠮᠦᠨ | ᠪᠦᠷᠢ ᠵᠢᠯ ᠳᠤ 50 ᠲᠥᠭᠦᠷᠢᠭ ᠪᠣᠯᠭᠠᠨ᠎ᠠ᠃ | ᠬᠤᠶᠠᠷ ᠲᠤ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠬᠡᠨ᠎ᠡ᠃ 2021 ᠣᠨ ᠤ ᠬᠦᠨᠳᠦ | ᠡᠪᠡᠳᠴᠢᠨ ᠤ ᠳᠠᠭᠠᠳᠬᠠᠯ ᠤᠨ ᠡᠬᠢᠯᠡᠨ ᠦᠭᠬᠦ ᠢ 1. 4 ᠲᠦᠮᠡᠨ ᠲᠥᠭᠦᠷᠢᠭ ᠢᠶᠠᠷ ᠨᠢᠭᠡᠳᠬᠡᠵᠦ᠂ ᠲᠠᠩᠰᠠ ᠲᠠᠶᠢᠯᠬᠤ | ᠬᠠᠷᠢᠴᠠᠯ ᠢ 60 % ᠪᠣᠯᠭᠠᠵᠤ᠂ ᠬᠠᠮᠤᠭ ᠤᠨ ᠥᠨᠳᠥᠷ ᠦᠭᠬᠦ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ | ᠥᠬᠡᠶ ᠪᠣᠯᠭᠠᠨ᠎ᠠ᠃ ᠡᠭᠦᠨ ᠤ ᠬᠠᠮᠲᠤ᠂ ᠭᠠᠷᠴᠠᠭ ᠠᠴᠠ ᠭᠠᠳᠠᠨᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ 60 | % ᠪᠠᠷ ᠦᠭᠬᠦ ᠬᠡᠪᠴᠢᠶᠡᠨ ᠳᠤ ᠣᠷᠣᠭᠤᠯᠵᠤ᠂ ᠪᠦᠬᠦᠯᠢ 18 ᠨᠠᠰᠤᠨ ᠠᠴᠠ ᠳᠣᠷᠣᠭᠰᠢᠬᠢ ᠳᠠᠭᠠᠳᠬᠠᠯ ᠳᠤ | ᠣᠷᠣᠯᠴᠠᠭᠴᠢ ᠪᠣᠯᠤᠨ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ | ᠨᠢᠭᠡᠴᠢ ᠳᠡᠭᠡᠭᠰᠢᠯᠡᠭᠦᠯᠦᠨ᠎ᠡ᠃ | ᠭᠤᠷᠪᠠ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠢ ᠲᠣᠳᠣᠷᠬᠠᠶᠢᠯᠠᠪᠠ᠃ 2021 ᠣᠨ ᠤ 1 | ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠪᠤᠰᠤᠳ ᠠᠶᠢᠮᠠᠭ ᠬᠤᠲᠠ ᠨᠤᠭᠤᠳ ᠯᠠᠪᠯᠠᠯᠲᠠ | ᠪᠣᠯᠭᠠᠨ ᠬᠡᠷᠡᠭᠵᠢᠭᠦᠯᠵᠦ ᠪᠣᠯᠤᠨ᠎ᠠ᠃ | |