ᠶᠠᠮᠠᠷ ᠬᠦᠮᠦᠰ ᠲᠤ ᠸᠠᠺᠼᠢᠨ ᠳᠠᠷᠢᠵᠦ ᠪᠤᠯᠬᠤ ᠪᠤᠢ︖ ᠬᠠᠮᠢᠭ᠎ᠠ ᠤᠴᠢᠵᠦ ᠳᠠᠷᠢᠭᠤᠯᠬᠤ ᠪᠤᠢ︖ ᠡᠷᠡᠭᠦᠯ ᠪᠤᠰᠤ ᠢᠯᠡᠷᠡᠯ ᠭᠠᠷᠪᠠᠯ ᠶᠠᠭᠠᠬᠢᠬᠤ ᠪᠤᠢ︖
ᠨᠡᠶᠢᠲᠡᠯᠡᠭᠰᠡᠨ ᠴᠠᠭ᠄
2020/12/30
     — ᠡᠷᠬᠡ ᠰᠦᠷᠳᠦ ᠰᠠᠯᠠᠭ᠎ᠠ ᠮᠦᠴᠢᠷ ᠠᠴᠠ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠸᠠᠺᠼᠢᠨ ᠤ ᠳᠤᠯᠤᠭᠠᠨ ᠶᠡᠭᠡ ᠠᠰᠠᠭᠤᠳᠠᠯ ᠳᠤ ᠬᠠᠷᠢᠭᠤᠯᠳᠠ ᠦᠭᠬᠦᠭᠰᠡᠨ ᠨᠢ      ᠶᠠᠮᠠᠷ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠦ ᠪᠤᠯᠬᠤ ᠪᠤᠢ︖ ᠬᠠᠮᠢᠭ᠎ᠠ ᠤᠴᠢᠵᠦ ᠳᠠᠷᠢᠭᠤᠯᠬᠤ ᠪᠤᠢ︖ ᠠᠮᠤᠷ ᠳᠦᠪᠰᠢᠨ ᠤ ᠴᠢᠨᠠᠷ ᠨᠢ ᠬᠢᠷᠢ ᠵᠡᠷᠭᠡ ᠪᠠᠶᠢᠭ᠎ᠠ ᠪᠤᠯ︖ ᠦᠨ᠎ᠠ ᠨᠢ ᠬᠡᠳᠦᠢ ᠪᠠᠶᠢᠬᠤ ᠪᠤᠢ︖      ᠤᠯᠠᠨ ᠤ ᠠᠩᠬᠠᠷᠴᠤ ᠪᠠᠶᠢᠭ᠎ᠠ ᠡᠳᠡᠬᠡᠷ ᠬᠠᠯᠠᠮᠰᠢᠯ ᠠᠰᠠᠭᠤᠳᠠᠯ ᠳᠤ ᠴᠢᠭᠯᠡᠬᠦᠯᠦᠨ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠬᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠵᠡᠷᠬᠡ ᠰᠠᠯᠠᠭ᠎ᠠ ᠮᠦᠴᠢᠷ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠪᠦᠷᠢᠨ ᠣᠨᠣᠪᠴᠢᠲᠠᠢ ᠬᠠᠷᠢᠭᠤᠯᠳᠠ ᠦᠭᠬᠦᠯ᠎ᠠ᠃      ᠶᠠᠮᠠᠷ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠦ ᠪᠤᠯᠬᠤ ᠪᠤᠢ︖      ︽ᠡᠪᠤᠯ ᠬᠠᠪᠤᠷ ᠤᠨ ᠤᠯᠠᠷᠢᠯ ᠬᠦᠷᠴᠦ ᠢᠷᠡᠬᠦ ᠳᠠᠰᠢᠷᠠᠮ ᠢᠶᠠᠷ᠂ ᠬᠡᠰᠡᠭ ᠭᠤᠤᠯᠳᠠᠯᠭ᠎ᠠ ᠲᠠᠢ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠳᠠᠷᠢᠬᠤ ᠠᠵᠢᠯ ᠢ ᠦᠷᠨᠢᠬᠦᠯᠦᠨ᠎ᠠ︾ ᠬᠡᠵᠦ ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠳᠤᠭᠤᠢᠢᠯᠠᠩ ᠤᠨ ᠸᠠᠺᠼᠢᠨ ᠰᠤᠳᠤᠯᠤᠨ ᠦᠢᠯᠡᠳᠬᠦ ᠳᠤᠰᠬᠠᠢ ᠠᠩᠬᠢ ᠶᠢᠨ ᠬᠠᠷᠢᠭᠤᠴᠠᠯᠭᠠᠳᠠᠨ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠳᠡᠳ᠋ ᠡᠷᠬᠢᠯᠡᠭᠴᠢ ᠼᠧᠩ ᠢ ᠰᠢᠨ ᠬᠡᠯᠡᠬᠦ ᠶᠢᠨ ᠬᠠᠮᠳᠤ᠂ ᠳᠠᠷᠠᠭᠠᠴᠢ ᠶᠢᠨ ᠠᠯᠬᠤᠮ ᠳᠤ ᠬᠠᠯᠳᠠᠪᠤᠷᠢᠯᠠᠬᠳᠠᠬᠤ ᠠᠶᠤᠯ ᠶᠡᠬᠡᠳᠡᠢ ᠬᠦᠮᠦᠰ ᠲᠤ ︽ᠳᠠᠷᠢᠪᠠᠯ ᠵᠤᠬᠢᠬᠤ ᠬᠦᠮᠦᠰ ᠲᠤ ᠪᠦᠷ ᠳᠠᠷᠢᠬᠤ︾ ᠠᠵᠢᠯ ᠢ ᠠᠯᠢ ᠴᠢᠳᠠᠬᠤ ᠪᠠᠷ ᠬᠦᠢᠴᠡᠳ ᠬᠢᠵᠦ᠂ ᠨᠦᠬᠦᠴᠡᠯ ᠳᠤ ᠨᠡᠶᠢᠴᠡᠭᠰᠡᠨ ᠬᠦᠮᠦᠨ ᠪᠦᠬᠦᠨ ᠳᠤ ᠴᠠᠬ ᠳᠤᠬᠠᠢ ᠳᠤᠨᠢ ᠪᠦᠷ ᠳᠠᠷᠢᠯᠭ᠎ᠠ ᠳᠠᠷᠢᠨ᠎ᠠ ᠬᠡᠵᠦ ᠢᠯᠡᠷᠬᠡᠶᠢᠯᠡᠪᠡ᠃      ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠳᠤᠪᠴᠢᠶᠠᠨ ᠤ ᠬᠠᠷᠢᠭᠤᠴᠠᠯᠭᠠᠳᠠᠨ ᠼᠦᠢ ᠭᠠᠩ᠂ ᠤᠳᠤᠬᠠᠨ ᠳᠤ ᠸᠠᠺᠼᠢᠨ ᠳᠠᠷᠢᠬᠤ ᠠᠷᠭ᠎ᠠ ᠪᠤᠳᠤᠯᠭ᠎ᠠ ᠭᠡᠪᠡᠯ ︽ᠬᠤᠶᠠᠷ ᠠᠯᠬᠤᠮ ᠢᠶᠠᠷ ᠶᠠᠪᠤᠬᠤ︾ ᠳᠦᠰᠦᠯ ᠢ ᠬᠡᠷᠡᠭᠵᠢᠭᠦᠯᠤᠨ᠎ᠡ᠄ ᠨᠢᠬᠡᠳᠦᠬᠡᠷ ᠠᠯᠬᠤᠮ ᠳᠤ᠂ ᠭᠤᠤᠯᠳᠠᠭᠤ ᠬᠡᠰᠡᠭ ᠭᠤᠤᠯᠳᠠᠯᠭ᠎ᠠ ᠲᠠᠢ ᠬᠦᠮᠦᠰ ᠲᠤ ᠴᠢᠭᠯᠡᠬᠦᠯᠦᠨ᠎ᠠ᠂ ᠡᠬᠦᠨ ᠳᠤ ᠭᠠᠳᠠᠨ᠎ᠠ ᠠᠴᠠ ᠤᠷᠤᠭᠤᠯᠬᠤ ᠬᠦᠢᠳᠡᠨ ᠢᠶᠠᠷ ᠵᠦᠭᠡᠭᠡᠪᠦᠷᠢᠯᠡᠬᠦ ᠪᠠᠷᠠᠭᠠᠨ ᠤ ᠬᠦᠢᠯᠭᠡᠭᠡ᠂ ᠪᠤᠭᠤᠮᠳᠠ ᠶᠢᠨ ᠬᠢᠵᠢᠭ ᠰᠢᠯᠭᠠᠨ ᠪᠠᠶᠢᠴᠠᠭᠠᠬᠤ᠂ ᠠᠭᠠᠷ ᠠᠶᠠᠯᠠᠯ ᠤᠨ ᠤᠢᠢᠯᠡᠴᠢᠯᠡᠭᠡ᠂ ᠳᠦᠬᠦᠬᠡᠢ ᠰᠤᠷᠭᠤᠬ ᠢᠳᠡᠬᠡᠨ ᠤ ᠵᠠᠬ᠎ᠠ ᠳᠡᠯᠬᠡᠬᠦᠷ᠂ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠡᠮ ᠡᠮᠨᠡᠯᠬᠡ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠵᠡᠷᠬᠡ ᠬᠠᠯᠳᠠᠪᠤᠷᠢᠯᠠᠬᠳᠠᠬᠤ ᠠᠶᠤᠯ ᠢᠶᠠᠷ ᠨᠡᠯᠢᠶᠡᠳ ᠶᠡᠭᠡ ᠠᠵᠢᠯᠳᠠᠳ ᠵᠢᠴᠢ ᠳᠤᠮᠳᠠ ᠦᠨᠳᠦᠷ ᠬᠡᠮᠵᠢᠶᠡᠨ ᠤ ᠬᠠᠯᠳᠠᠪᠤᠷᠢᠯᠠᠬᠤ ᠠᠶᠤᠯ ᠲᠠᠢ ᠤᠯᠤᠰ ᠪᠤᠶᠤ ᠭᠠᠵᠠᠷ ᠤᠷᠤᠨ ᠳᠤ ᠤᠴᠢᠵᠦ ᠠᠵᠢᠯᠯᠠᠵᠦ ᠰᠤᠷᠤᠯᠴᠠᠬᠤ ᠬᠦᠮᠦᠰ ᠵᠡᠷᠬᠡ ᠶᠢ ᠪᠠᠭᠳᠠᠭᠠᠵᠦ ᠪᠤᠢ᠃      ᠬᠤᠶᠠᠳᠤᠭᠠᠷ ᠠᠯᠬᠤᠮ ᠳᠤ᠂ ᠸᠠᠺᠼᠢᠨ ᠤ ᠳᠠᠭᠠᠯᠳᠤᠭᠤᠯᠤᠯ ᠨᠦᠬᠦᠴᠡᠯ ᠨᠢ ᠵᠠᠬ᠎ᠠ ᠳᠡᠯᠬᠡᠬᠦᠷ ᠲᠤ ᠭᠠᠷᠬᠤ ᠵᠦᠪᠰᠢᠶᠡᠷᠡᠯ ᠢ ᠤᠯᠬᠤ ᠪᠤᠶᠤ ᠵᠢᠩᠬᠢᠨᠢ ᠪᠠᠷ ᠵᠠᠬ᠎ᠠ ᠳᠡᠯᠬᠡᠬᠦᠷ ᠲᠤ ᠭᠠᠷᠬᠤ ᠵᠦᠪᠰᠢᠶᠡᠷᠡᠯ ᠢ ᠤᠯᠵᠦ᠂ ᠸᠠᠺᠼᠢᠨ ᠤ ᠦᠢᠯᠡᠳᠪᠤᠷᠢᠯᠡᠯ ᠤᠨ ᠬᠡᠮᠵᠢᠶ᠎ᠠ ᠠᠯᠬᠤᠮ ᠠᠯᠬᠤᠮ ᠢᠶᠠᠷ ᠨᠡᠮᠡᠭᠳᠡᠬᠦ ᠶᠢᠨ ᠤᠯᠠᠮ ᠢᠶᠠᠷ᠂ ᠡᠮᠬᠢ ᠳᠢᠭᠯᠢᠮ ᠲᠠᠢ ᠪᠠᠷ ᠳᠠᠷᠢᠯᠭ᠎ᠠ ᠬᠢᠬᠦ ᠠᠵᠢᠯ ᠢ ᠦᠷᠨᠢᠬᠦᠯᠵᠦ᠂ ᠠᠯᠬᠤᠮ ᠠᠯᠬᠤᠮ ᠢᠶᠠᠷ ᠴᠠᠷᠤᠯᠳᠠ ᠶᠢᠨ ᠬᠠᠯᠬᠠᠪᠴᠢ ᠶᠢ ᠴᠤᠬᠴᠠᠯᠠᠨ ᠪᠠᠶᠢᠭᠤᠯᠵᠦ ᠪᠠᠶᠢᠭᠠᠳ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠤᠯᠤᠰ ᠤᠨ ᠳᠤᠳᠤᠭᠠᠳᠤ ᠳᠠᠬᠢ ᠬᠠᠯᠳᠠᠪᠤᠷᠢᠯᠠᠯ ᠢ ᠳᠠᠰᠤᠯᠤᠨ᠎ᠠ ᠬᠡᠵᠦ ᠬᠡᠯᠡᠪᠡ᠃      ᠸᠠᠺᠼᠢᠨ ᠢ ᠶᠠᠭᠠᠬᠢᠵᠦ ᠳᠠᠷᠢᠬᠤ ᠪᠤᠢ᠂ ᠬᠠᠮᠢᠭ᠎ᠠ ᠤᠴᠢᠵᠦ ᠳᠠᠷᠢᠭᠤᠯᠬᠤ ᠪᠤᠢ︖      ᠼᠦᠢ ᠭᠠᠩ᠂ ᠡᠩ ᠤᠨ ᠪᠠᠶᠢᠳᠠᠯ ᠳᠤᠤᠷ᠎ᠠ᠂ ᠳᠠᠷᠢᠯᠭ᠎ᠠ ᠲᠠᠷᠢᠬᠤ ᠨᠢᠭᠡᠴᠡ ᠶᠢ ᠪᠦᠷ ᠬᠠᠷᠢᠶ᠎ᠠ ᠳᠤᠭᠤᠷᠢᠬ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠳᠦᠪ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠪᠤᠶᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠳᠤ ᠪᠠᠶᠢᠷᠢᠯᠠᠭᠤᠯᠤᠨ᠎ᠠ᠂ ᠡᠯ᠎ᠠ ᠭᠠᠵᠠᠷ ᠤᠷᠤᠨ ᠳᠤ ᠬᠠᠷᠢᠶ᠎ᠠ ᠳᠤᠭᠤᠷᠢᠬ ᠤᠨ ᠢᠶᠠᠨ ᠳᠤᠳᠤᠷᠠᠬᠢ ᠭᠠᠵᠠᠷ᠂ ᠦᠢᠯᠡᠴᠢᠯᠡᠬᠦ ᠴᠠᠬ ᠢ ᠪᠠᠭᠳᠠᠭᠠᠬᠰᠠᠨ ᠳᠠᠷᠢᠯᠭ᠎ᠠ ᠲᠠᠷᠢᠬᠤ ᠴᠡᠭ᠂ ᠳᠠᠷᠢᠯᠭ᠎ᠠ ᠲᠠᠷᠢᠬᠤ ᠨᠢᠭᠡᠴᠡ ᠬᠢᠬᠡᠳ ᠴᠠᠬ ᠢ ᠨᠠᠶᠢᠳᠠᠯᠡᠬᠦ ᠬᠡᠷᠡᠭᠳᠠᠢ ᠭᠡᠵᠦ ᠱᠠᠭᠠᠷᠳᠠᠬᠰᠠᠨ ᠪᠠᠶᠢᠨ᠎ᠠ ᠭᠡᠪᠡ᠃      ᠳᠠᠨᠢᠯᠴᠠᠭᠤᠯᠤᠬᠰᠠᠨ ᠢᠶᠠᠷ᠂ ᠳᠠᠷᠢᠯᠭ᠎ᠠ ᠲᠠᠷᠢᠬᠤ ᠠᠵᠢᠯ ᠬᠡᠷᠪᠡ ᠳᠦᠪᠯᠡᠷᠡᠭᠰᠡᠨ ᠨᠢᠭᠡᠴᠡ ᠲᠠᠢ ᠬᠤᠯᠪᠤᠬᠳᠠᠬᠤ ᠳᠤ ᠬᠦᠷᠪᠡᠯ᠂ ᠪᠠᠰᠠ ᠨᠢᠬᠡ ᠪᠦᠯᠦᠭ ᠳᠦᠷ ᠴᠠᠬ ᠤᠨ ᠳᠠᠷᠢᠯᠭ᠎ᠠ ᠲᠠᠷᠢᠬᠤ ᠴᠡᠭ ᠭᠠᠷᠭᠠᠵᠦ᠂ ᠲᠤᠬᠠᠢ ᠶᠢᠨ ᠨᠢᠭᠡᠴᠡ ᠳᠤᠨᠢ ᠬᠦᠷᠴᠦ ᠦᠢᠯᠡᠴᠢᠯᠡᠬᠦ ᠶᠢ ᠪᠤᠳᠤᠯᠬᠢᠯᠠᠵᠦ ᠪᠤᠯᠤᠨ᠎ᠠ᠃ ᠡᠬᠦᠨ ᠤ ᠬᠠᠮᠳᠤ᠂ ᠬᠠᠮᠢᠶ᠎ᠠ ᠪᠦᠬᠦᠢ ᠨᠢᠭᠡᠴᠡ ᠪᠤᠶᠤ ᠬᠤᠪᠢ ᠬᠦᠮᠦᠨ ᠳᠤ ᠮᠡᠳᠡᠭᠳᠡᠯ ᠦᠭᠴᠤ᠂ ᠬᠠᠮᠢᠭ᠎ᠠ ᠬᠦᠷᠴᠦ ᠳᠠᠷᠢᠯᠭ᠎ᠠ ᠲᠠᠷᠢᠬᠤ᠂ ᠬᠡᠵᠢᠶ᠎ᠡ ᠳᠠᠷᠢᠯᠭ᠎ᠠ ᠲᠠᠷᠢᠬᠤ ᠶᠢ ᠤᠷᠢᠳᠴᠢᠯᠡᠨ ᠪᠤᠯᠵᠤᠵᠦ ᠳᠤᠬᠳᠠᠭᠠᠨ᠎ᠠ᠃      ᠼᠦᠢ ᠭᠠᠩ᠂ ᠤᠯᠠᠨ ᠢᠶᠠᠷ ᠢᠶᠠᠨ ᠬᠠᠷᠢᠶ᠎ᠠ ᠳᠤᠭᠤᠷᠢᠬ ᠤᠨ ᠢᠶᠠᠨ ᠤᠷᠤᠨ ᠨᠤᠳᠤᠬ ᠤᠨ ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠪᠤᠶᠤ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠪᠠᠶᠢᠭᠤᠯᠤᠮᠵᠢ ᠠᠴᠠ ᠯᠠᠪᠯᠠᠭ᠎ᠠ ᠠᠪᠴᠤ ᠪᠤᠯᠤᠨ᠎ᠠ᠂ ᠪᠠᠰᠠ ᠬᠠᠮᠢᠶ᠎ᠠ ᠪᠦᠬᠦᠢ ᠮᠡᠳᠡᠭᠡ ᠵᠠᠩᠬᠢ ᠶᠢ ᠨᠡᠶᠢᠳᠡᠯᠡᠬᠦ ᠳᠠᠪᠴᠠᠩ ᠳᠤ ᠠᠩᠬᠠᠷᠤᠯ ᠢᠶᠠᠨ ᠬᠠᠨᠳᠤᠭᠤᠯᠵᠦ ᠪᠤᠯᠤᠨ᠎ᠠ ᠬᠡᠵᠦ ᠢᠯᠡᠷᠬᠡᠶᠢᠯᠡᠪᠡ᠃      ᠼᠦᠢ ᠭᠠᠩ᠂ ᠳᠠᠷᠢᠯᠭ᠎ᠠ ᠲᠠᠷᠢᠬᠤ ᠳᠤ ᠳᠤᠬᠠᠢ ᠶᠢᠨ ᠭᠠᠵᠠᠷ ᠤᠨ ᠮᠡᠳᠡᠭᠳᠡᠯ ᠤᠨ ᠳᠤᠬᠢᠷᠠᠭᠤᠯᠤᠯᠳᠠ ᠶᠢ ᠵᠢᠷᠤᠮᠯᠠᠬᠤ ᠬᠡᠷᠡᠭᠳᠡᠢ᠂ ᠵᠢᠱᠢᠶᠡᠯᠡᠪᠡᠯ ᠪᠠᠶ᠎ᠠ ᠶᠢᠨ ᠦᠨᠡᠮᠯᠡᠯ ᠢᠶᠠᠨ ᠠᠪᠴᠤ ᠤᠴᠢᠭᠠᠳ᠂ ᠸᠠᠺᠼᠢᠨ ᠤ ᠳᠠᠩᠰᠠᠯᠠᠯᠳᠠ ᠳᠡᠮᠳᠡᠭᠯᠡᠯ ᠢ ᠰᠠᠶᠢᠳᠤᠷ ᠬᠢᠬᠦ ᠬᠡᠷᠡᠭᠳᠡᠢ᠃ ᠲᠠᠬᠢᠪᠠᠯ᠂ ᠡᠷᠬᠡᠪᠰᠢ ᠡᠩ ᠤᠨ ᠦᠶ᠎ᠡ ᠳᠤ ᠡᠮ ᠡᠮᠨᠡᠯᠬᠡ ᠶᠢᠨ ᠪᠠᠶᠢᠭᠤᠯᠤᠮᠵᠢ ᠳᠤ ᠤᠴᠢᠬᠤ ᠱᠠᠭᠠᠷᠳᠠᠯᠭ᠎ᠠ ᠶᠤᠰᠤᠭᠠᠷ ᠬᠤᠪᠢ ᠪᠠᠶ᠎ᠠ ᠶᠢᠨ ᠰᠡᠷᠬᠡᠶᠢᠯᠡᠯᠳᠡ ᠬᠠᠮᠠᠭᠠᠯᠠᠯᠳᠠ ᠵᠡᠷᠬᠡ ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ ᠬᠡᠵᠦ ᠰᠠᠨᠠᠭᠤᠯᠪᠠ᠃      ᠸᠠᠺᠼᠢᠨ ᠠᠮᠤᠷ ᠳᠦᠪᠰᠢᠨ ᠪᠠᠶᠢᠬᠤ ᠪᠤᠯ ᠤᠤ︖      ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠳᠤᠭᠤᠢᠢᠯᠠᠩ ᠤᠨ ᠸᠠᠺᠼᠢᠨ ᠰᠤᠳᠤᠯᠤᠨ ᠦᠢᠯᠡᠳᠬᠦ ᠳᠤᠰᠬᠠᠢ ᠠᠩᠬᠢ ᠶᠢᠨ ᠠᠵᠢᠯᠯᠠᠬᠤ ᠳᠤᠭᠤᠢᠢᠯᠠᠩ ᠤᠨ ᠳᠠᠷᠤᠭ᠎ᠠ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠭᠵᠢᠯᠳᠡ ᠶᠢᠨ ᠰᠤᠳᠤᠯᠭᠠᠨ ᠤ ᠳᠦᠪ ᠤᠨ ᠡᠷᠬᠢᠯᠡᠭᠴᠢ ᠵᠧᠩ ᠵᠦᠩ ᠸᠧᠢ᠂ 7 ᠰᠠᠷ᠎ᠠ ᠠᠴᠠ ᠨᠠᠭᠠᠰᠢ᠂ ᠰᠠᠶᠢᠨ ᠳᠤᠷ᠎ᠠ ᠶᠢᠨ ᠪᠠᠶᠢᠬᠤ᠂ ᠪᠠᠶᠢᠳᠠᠯ ᠢ ᠰᠠᠶᠢᠳᠤᠷ ᠤᠢᠢᠯᠠᠭᠠᠬᠤ᠂ ᠵᠦᠪᠰᠢᠶᠡᠷᠡᠭᠰᠡᠨ ᠤᠷᠢᠳᠠᠯ ᠳᠤᠤᠷ᠎ᠠ᠂ ᠮᠠᠨ ᠤ ᠤᠯᠤᠰ ᠬᠠᠯᠳᠠᠪᠤᠷᠢᠯᠠᠬᠳᠠᠬᠤ ᠠᠶᠤᠯ ᠶᠡᠬᠡᠳᠠᠢ ᠬᠦᠮᠦᠰ ᠲᠤ ᠪᠠᠴᠢᠮ ᠳᠠᠷᠢᠯᠭ᠎ᠠ ᠲᠠᠷᠢᠬᠤ ᠠᠵᠢᠯ ᠢ ᠬᠢᠭᠰᠡᠨ ᠪᠠᠶᠢᠨ᠎ᠠ᠂ ᠤᠳᠤᠬᠠᠨ ᠳᠤ ᠨᠡᠶᠢᠳᠡ 100 ᠭᠠᠷᠤᠢ ᠳᠦᠮᠡᠨ ᠢᠵᠢ ᠤᠳᠠᠭ᠎ᠠ ᠶᠢᠨ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠪᠠᠴᠢᠮ ᠳᠠᠷᠢᠬᠤ ᠠᠵᠢᠯ ᠢ ᠪᠡᠶᠡᠯᠡᠬᠦᠯᠦᠬᠡᠳ ᠪᠠᠶᠢᠨ᠎ᠠ᠃ ᠡᠷᠡᠭᠦᠯ ᠪᠤᠰᠤ ᠢᠯᠡᠷᠡᠯ ᠤᠨ ᠲᠤᠬᠠᠢ ᠳᠦᠪ ᠴᠢᠩᠭ᠎ᠠ ᠬᠢᠨᠠᠯᠳᠠ ᠬᠡᠮᠵᠢᠯᠳᠡ ᠪᠠ ᠮᠦᠷᠳᠡᠨ ᠠᠵᠢᠬᠯᠠᠯᠳᠠ ᠬᠢᠭᠡᠳ ᠬᠦᠨᠳᠦ ᠨᠤᠴᠢᠳᠠᠢ ᠡᠷᠡᠭᠦᠯ ᠪᠤᠰᠤ ᠢᠯᠡᠷᠡᠯ ᠭᠠᠷᠤᠭᠰᠠᠨ ᠶᠠᠪᠤᠳᠠᠯ ᠦᠬᠡᠢ ᠪᠠᠶᠢᠨ᠎ᠠ ᠬᠡᠵᠦ ᠬᠡᠯᠡᠪᠡ᠃      ᠠᠳᠠᠯᠢ ᠬᠤᠭᠤᠴᠠᠭᠠᠨ ᠳᠤ᠂ ᠪᠠᠴᠢᠮ ᠬᠡᠷᠡᠭᠯᠡᠯᠳᠡ ᠳᠤ ᠬᠡᠷᠡᠭᠯᠡᠬᠦ ᠢᠳᠡᠪᠬᠢ ᠦᠬᠡᠶᠢᠳᠡᠬᠦᠯᠬᠦ ᠸᠠᠺᠼᠢᠨ ᠢ ᠬᠢᠯᠢ ᠶᠢᠨ ᠭᠠᠳᠠᠨ᠎ᠠ Ⅲ ᠬᠤᠭᠤᠴᠠᠭᠠᠨ ᠤ ᠡᠮᠴᠢᠯᠡᠭᠡᠨ ᠤ ᠳᠤᠷᠰᠢᠯᠳᠠ ᠬᠢᠵᠡᠢ᠂ ᠤᠳᠤᠬᠠᠨ ᠪᠤᠯᠳᠠᠯ᠎ᠠ ᠨᠡᠶᠢᠳᠡ 7.5 ᠳᠦᠮᠡᠨ ᠬᠦᠮᠦᠨ᠂ 15 ᠳᠦᠮᠡᠨ ᠢᠵᠢ ᠤᠳᠠᠭ᠎ᠠ ᠶᠢᠨ ᠬᠦᠮᠦᠨ ᠳᠤ ᠳᠠᠷᠢᠯᠭ᠎ᠠ ᠬᠢᠬᠡᠳ ᠪᠤᠢ᠃ ᠰᠤᠳᠤᠯᠭᠠᠨ ᠳᠤ ᠬᠠᠷᠠᠭᠤᠯᠤᠬᠰᠠᠨ ᠢᠶᠠᠷ᠂ ᠬᠦᠨᠳᠦ ᠨᠤᠴᠢᠳᠠᠢ ᠠᠮᠤᠷ ᠳᠦᠪᠰᠢᠨ ᠤ ᠬᠡᠮ ᠰᠤᠭᠤᠬ ᠭᠠᠷᠤᠬᠰᠠᠨ ᠦᠬᠡᠢ᠃      ᠸᠠᠺᠼᠢᠨ ᠳᠠᠷᠢᠭᠤᠯᠤᠬᠰᠠᠨ ᠤ ᠳᠠᠷᠠᠭ᠎ᠠ ᠡᠷᠡᠭᠦᠯ ᠪᠤᠰᠤ ᠢᠯᠡᠷᠡᠯ ᠭᠠᠷᠪᠠᠯ ᠶᠠᠭᠠᠬᠢᠵᠦ ᠠᠷᠭᠠᠴᠠᠬᠤ ᠪᠤᠢ︖      ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠮᠨᠡᠯᠬᠡ ᠶᠢᠨ ᠶᠠᠪᠤᠳᠠᠯ ᠡᠮᠨᠡᠯᠬᠡ ᠶᠢᠨ ᠬᠠᠮᠢᠶᠠᠷᠤᠯᠳᠠ ᠶᠢᠨ ᠳᠤᠪᠴᠢᠶᠠᠨ ᠤ ᠬᠢᠨᠠᠨ ᠪᠠᠶᠢᠴᠠᠭᠠᠬᠤ ᠳᠤᠰᠬᠠᠢ ᠲᠤᠰᠢᠶᠠᠯᠳᠠᠨ ᠵᠢᠶᠤᠤ ᠶᠠ ᠬᠤᠢ᠂ ᠤᠳᠤᠬᠠᠨ ᠳᠤ ᠮᠠᠨ ᠤ ᠤᠯᠤᠰ ᠤᠨ ᠠᠵᠢᠬᠯᠠᠵᠦ ᠮᠡᠳᠡᠭᠰᠡᠨ ᠪᠠᠶᠢᠩᠭᠤ ᠳᠤᠬᠢᠶᠠᠯᠳᠤᠬᠤ ᠸᠠᠺᠼᠢᠨ ᠤ ᠡᠷᠡᠭᠦᠯ ᠪᠤᠰᠤ ᠢᠯᠡᠷᠡᠯ ᠳᠤ ᠭᠤᠤᠯᠳᠠᠭᠤ ᠳᠤᠯᠤᠭᠠᠢ ᠡᠪᠡᠳᠬᠦ᠂ ᠬᠠᠯᠠᠭᠤᠷᠠᠬᠤ᠂ ᠲᠠᠷᠢᠯᠭ᠎ᠠ ᠳᠠᠷᠢᠬᠰᠠᠨ ᠬᠡᠰᠡᠭ ᠨᠢ ᠤᠯᠠᠶᠢᠬᠤ ᠪᠤᠶᠤ ᠬᠠᠳᠠᠭᠤᠷᠠᠬᠤ ᠵᠡᠷᠬᠡ ᠪᠠᠶᠢᠳᠠᠯ ᠪᠤᠢ᠂ ᠲᠠᠬᠢᠪᠠᠯ ᠵᠠᠷᠢᠮ ᠬᠦᠮᠦᠨ ᠳᠤ ᠪᠠᠰᠠ ᠬᠠᠨᠢᠶᠠᠬᠤ᠂ ᠬᠤᠭᠤᠯᠠᠨ ᠤ ᠳᠤᠷᠠᠰᠢᠯ ᠮᠠᠭᠤᠳᠠᠬᠤ᠂ ᠪᠦᠬᠡᠯᠵᠢᠬᠦ᠂ ᠰᠠᠭᠤᠯᠭᠠᠬᠤ ᠵᠡᠷᠬᠡ ᠪᠠᠶᠢᠳᠠᠯ ᠲᠠᠢ ᠪᠠᠶᠢᠨ᠎ᠠ ᠬᠡᠵᠦ ᠬᠡᠯᠡᠪᠡ᠃      ᠲᠠᠨᠢᠯᠴᠠᠭᠤᠯᠤᠬᠰᠡᠨ ᠢᠶᠠᠷ᠂ ᠰᠢᠨ᠎ᠡ ᠳᠢᠳᠢᠮᠯᠢᠭ ᠸᠢᠷᠦ᠋ᠰ ᠤᠨ ᠸᠠᠺᠼᠢᠨ ᠢ ᠲᠠᠷᠢᠬᠤ ᠠᠮᠤᠷ ᠲᠦᠪᠰᠢᠨ ᠤ ᠪᠠᠳᠤᠯᠠᠭ᠎ᠠ ᠶᠢᠨ ᠠᠵᠢᠯ ᠢ ᠰᠠᠶᠢᠳᠤᠷ ᠬᠢᠬᠦ ᠶᠢᠨ ᠲᠦᠯᠦᠭᠡ᠂ ᠲᠤᠤᠷᠠᠬᠢ ᠭᠡᠳᠤᠨ ᠵᠦᠢᠯ ᠤᠨ ᠠᠷᠭ᠎ᠠ ᠬᠡᠮᠵᠢᠶ᠎ᠡ ᠶᠢ ᠠᠪᠴᠦ ᠪᠠᠶᠢᠨ᠎ᠠ᠄ ᠨᠢᠭᠡ ᠳᠤ᠂ ᠸᠠᠺᠼᠢᠨ ᠲᠠᠷᠢᠬᠤ ᠴᠡᠭ ᠨᠢ ᠸᠠᠺᠼᠢᠨ ᠲᠠᠷᠢᠬᠤ ᠨᠦᠬᠦᠴᠡᠯ ᠳᠤ ᠨᠡᠶᠢᠴᠡᠬᠦ ᠪᠦᠭᠡᠳ ᠪᠠᠰᠠ ᠡᠮᠴᠢᠯᠡᠭᠡᠨ ᠤ ᠠᠪᠤᠷᠠᠨ ᠵᠠᠰᠠᠬᠤ ᠨᠦᠬᠦᠴᠡᠯ ᠢ ᠪᠦᠷᠢᠯᠳᠦᠬᠦᠯᠬᠦ ᠬᠡᠷᠡᠭᠳᠠᠢ ᠭᠡᠵᠦ ᠱᠠᠭᠠᠷᠳᠠᠪᠠ︔ ᠬᠤᠶᠠᠷ ᠲᠤ᠂ ᠡᠯ᠎ᠡ ᠭᠠᠵᠠᠷ ᠤᠨ ᠬᠢᠨ ᠢ ᠸᠠᠺᠼᠢᠨ ᠲᠠᠷᠢᠬᠤ ᠨᠢᠭᠡᠴᠡ ᠶᠢ ᠭᠡᠳᠤᠨ ᠤᠷᠤᠨ ᠪᠦᠰᠡ ᠪᠤᠯᠭᠠᠨ ᠬᠤᠪᠢᠶᠠᠵᠤ᠂ ᠬᠤᠶᠠᠳᠤᠭᠠᠷ ᠲᠡᠰ ᠠᠴᠠ ᠲᠡᠭᠡᠭᠰᠢᠬᠢ ᠶᠡᠷᠤᠩᠭᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠳᠠᠨ ᠭᠡᠳᠤᠨ ᠲᠠᠷᠢᠬᠤ ᠨᠢᠭᠡᠴᠡ ᠶᠢᠨ ᠡᠮᠴᠢᠯᠡᠭᠡᠨ ᠤ ᠪᠠᠳᠤᠯᠠᠭ᠎ᠠ ᠶᠢᠨ ᠠᠵᠢᠯ ᠢ ᠬᠠᠷᠢᠭᠤᠴᠠᠬᠤ ᠬᠡᠷᠡᠭᠳᠠᠢ ᠭᠡᠵᠦ ᠱᠠᠭᠠᠷᠳᠠᠪᠠ᠃ ᠲᠠᠷᠢᠯᠭ᠎ᠠ ᠲᠠᠷᠢᠭᠤᠯᠬᠤ ᠬᠦᠮᠦᠰ ᠡᠮᠴᠢᠯᠡᠭᠡᠨ ᠤ ᠠᠵᠢᠯᠳᠠᠨ ᠳᠤ ᠪᠡᠶ᠎ᠡ ᠶᠢᠨ ᠡᠷᠡᠬᠦᠯ ᠮᠠᠨᠳᠤ ᠶᠢᠨ ᠪᠠᠶᠢᠳᠠᠯ ᠢᠶᠠᠨ ᠦᠨᠡᠨ ᠪᠤᠳᠠᠳᠠᠢ ᠪᠠᠷ ᠲᠤᠰᠬᠠᠵᠤ᠂ ᠲᠠᠷᠢᠯᠭ᠎ᠠ ᠲᠠᠷᠢᠬᠰᠡᠨ ᠤ ᠲᠠᠷᠠᠭ᠎ᠠ ᠲᠠᠷᠢᠬᠤ ᠴᠡᠭ ᠲᠤ 30 ᠮᠢᠨᠦ᠋ᠲ ᠬᠦᠯᠢᠶᠠᠨ ᠠᠵᠢᠬᠯᠠᠬᠤ ᠬᠡᠷᠡᠭᠳᠠᠢ ᠭᠡᠵᠦ ᠰᠠᠨᠠᠭᠤᠯᠪᠠ᠃      ᠸᠠᠺᠼᠢᠨ ᠲᠠᠷᠢᠪᠠᠯ ᠭᠡᠳᠤᠢ ᠬᠤᠭᠤᠴᠠᠭ᠎ᠠ ᠦᠢᠯᠡᠳᠦᠯ ᠦᠵᠡᠭᠦᠯᠵᠦ ᠴᠢᠳᠠᠬᠤ ᠪᠤᠢ︖      ᠽᠧᠩ ᠢ ᠰᠢᠨ᠂ ᠰᠢᠨ᠎ᠡ ᠳᠢᠳᠢᠮᠯᠢᠭ ᠸᠢᠷᠦ᠋ᠰ ᠢᠯᠡᠷᠡᠭᠡᠳ ᠨᠢᠭᠡ ᠵᠢᠯ ᠴᠦ ᠪᠤᠯᠤᠭ᠎ᠠ ᠦᠭᠡᠢ ᠪᠠᠶᠢᠨ᠎ᠠ᠂ ᠡᠶᠢᠮᠦ ᠠᠴᠠ ᠸᠠᠺᠼᠢᠨ ᠭᠡᠳᠤᠢ ᠤᠷᠳᠤ ᠬᠤᠭᠤᠴᠠᠭ᠎ᠠ ᠪᠠᠷ ᠦᠢᠯᠡᠳᠤᠯ ᠦᠵᠡᠬᠦᠯᠵᠤ ᠲᠠᠶᠢᠯᠬᠦ ᠶᠢ ᠮᠡᠳᠡᠬᠦ ᠦᠭᠡᠢ ᠪᠠᠶᠢᠬᠰᠠᠭᠠᠷ᠂ ᠬᠡᠪᠡᠴᠤ ᠤᠳᠤᠬᠠᠨ ᠤ ᠲᠤᠭ᠎ᠠ ᠪᠠᠷᠢᠮᠳᠠ ᠳᠤ ᠬᠠᠷᠠᠭᠤᠯᠤᠬᠰᠡᠨ ᠢᠶᠠᠷ᠂ ᠸᠠᠺᠼᠢᠨ ᠤ ᠬᠠᠮᠠᠭᠠᠯᠠᠯᠳᠠ ᠶᠢᠨ ᠬᠤᠭᠤᠴᠠᠭ᠎ᠠ ᠨᠢ ᠬᠠᠭᠠᠰ ᠵᠢᠯ ᠠᠴᠠ ᠲᠡᠭᠡᠭᠰᠢ ᠪᠠᠶᠢᠬᠤ ᠨᠢ ᠰᠡᠵᠢᠭᠯᠡᠰᠢ ᠦᠭᠡᠢ ᠶᠤᠮ ᠭᠡᠵᠤ ᠬᠡᠯᠡᠪᠡ᠃ ᠽᠧᠩ ᠢ ᠰᠢᠨ᠂ ᠡᠨᠡ ᠵᠢᠯ ᠤᠨ ᠲᠡᠭᠡᠷ᠎ᠡ ᠬᠠᠭᠠᠰ ᠵᠢᠯ ᠳᠤ᠂ ᠮᠠᠨ ᠤ ᠤᠯᠤᠰ ᠤᠨ ᠵᠠᠷᠢᠮ ᠸᠠᠺᠼᠢᠨ Ⅰ ᠬᠤᠭᠤᠴᠠᠭ᠎ᠠ᠂ Ⅱ ᠬᠤᠭᠤᠴᠠᠭᠠᠨ ᠤ ᠡᠮᠴᠢᠯᠡᠭᠡᠨ ᠤ ᠲᠤᠷᠰᠢᠯᠳᠠ ᠶᠢ ᠡᠬᠢᠯᠡᠬᠦᠯᠵᠤ᠂ ᠮᠠᠰᠢ ᠤᠯᠠᠨ ᠰᠠᠶᠢᠨ ᠲᠤᠷᠠᠴᠤᠳ ᠤᠷᠤᠯᠴᠠᠪᠠ᠂ ᠲᠤᠭ᠎ᠠ ᠪᠠᠷᠢᠮᠳᠠ ᠳᠤ ᠬᠠᠷᠠᠭᠤᠯᠤᠬᠰᠡᠨ ᠢᠶᠠᠷ᠂ ᠡᠳᠡᠭᠡᠷ ᠰᠠᠶᠢᠨ ᠲᠤᠷᠠᠴᠤᠳ ᠤᠨ ᠡᠰᠡᠷᠬᠦᠴᠡᠭᠴᠢ ᠪᠡᠶ᠎ᠡ ᠨᠢ ᠮᠦᠨ ᠬᠦ ᠤᠷᠤᠰᠢᠬᠰᠠᠭᠠᠷ ᠪᠠᠶᠢᠨ᠎ᠠ ᠭᠡᠵᠤ ᠲᠠᠨᠢᠯᠴᠠᠭᠤᠯᠪᠠ᠃ ᠡᠬᠦᠨ ᠠᠴᠠ ᠭᠠᠳᠠᠨ᠎ᠠ ᠮᠠᠰᠢ ᠤᠯᠠᠨ ᠡᠮᠴᠢᠯᠡᠭᠡᠨ ᠤ ᠪᠠᠶᠢᠭᠤᠯᠤᠮᠵᠢ ᠴᠦ ᠡᠷᠡᠬᠦᠯᠵᠢᠭᠡᠳ ᠡᠮᠨᠡᠯᠭᠡ ᠠᠴᠠ ᠭᠠᠷᠤᠭᠰᠠᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠡᠪᠡᠳᠴᠢᠳᠡᠨ ᠳᠤ ᠪᠠᠶᠢᠴᠠᠭᠠᠯᠳᠠ ᠬᠢᠪᠠ᠃ ᠱᠧᠨᠵᠧᠨ ᠬᠤᠳᠠ ᠶᠢᠨ ᠬᠠᠯᠳᠠᠪᠤᠷᠢᠳᠦ ᠡᠪᠡᠳᠴᠢᠨ ᠤ ᠡᠮᠨᠡᠯᠭᠡ ᠶᠢᠨ ᠬᠤᠷᠢᠶ᠎ᠠ ᠡᠮᠨᠡᠯᠭᠡ ᠠᠴᠠ ᠭᠠᠷᠤᠭᠰᠠᠨ 400 ᠭᠠᠷᠤᠢ ᠡᠪᠡᠳᠴᠢᠳᠡᠨ ᠳᠤ ᠰᠤᠭᠤᠴᠢᠨ ᠪᠠᠶᠢᠴᠠᠭᠠᠯᠳᠠ ᠬᠢᠭᠰᠡᠨ ᠤ ᠦᠷ᠎ᠠ ᠳ᠋ᠦᠩ ᠳᠤ᠂ ᠬᠠᠮᠤᠭ ᠡᠷᠳᠡ ᠡᠮᠨᠡᠯᠭᠡ ᠠᠴᠠ ᠭᠠᠷᠤᠭᠰᠠᠨ ᠡᠪᠡᠳᠴᠢᠳᠡᠨ ᠤ ᠪᠡᠶ᠎ᠠ ᠳᠤ 10 ᠰᠠᠷ᠎ᠠ ᠶᠢᠨ ᠲᠠᠷᠠᠭ᠎ᠠ ᠮᠦᠨ ᠡᠰᠡᠷᠬᠦᠴᠡᠭᠴᠢ ᠪᠡᠶ᠎ᠠ ᠤᠷᠤᠰᠢᠵᠦ ᠪᠠᠶᠢᠨ᠎ᠠ᠃ ᠬᠠᠯᠳᠠᠪᠤᠷᠢᠳᠤ ᠲᠠᠬᠰᠢᠭᠤᠷ ᠤᠨ ᠸᠠᠺᠼᠢᠨ ᠰᠢᠭ ᠵᠢᠯ ᠪᠦᠷᠢ ᠨᠢᠭᠡ ᠤᠳᠠᠭ᠎ᠠ ᠲᠠᠷᠢᠬᠤ ᠴᠢᠬᠤᠯᠠᠳᠠᠢ ᠤᠤ︖ ᠽᠧᠩ ᠢ ᠰᠢᠨ᠂ ᠬᠠᠯᠳᠠᠪᠤᠷᠢᠳᠤ ᠲᠠᠬᠰᠢᠭᠤᠷ ᠤᠨ ᠸᠢᠷᠦ᠋ᠰ ᠤᠨ ᠤᠨᠳᠤᠤᠰᠢᠵᠦ ᠬᠤᠪᠢᠷᠠᠬᠤ ᠨᠢ ᠲᠦᠷᠭᠡᠨ ᠠᠴᠠ ᠪᠤᠯᠵᠤ ᠸᠠᠺᠼᠢᠨ ᠢ ᠴᠠᠭ ᠲᠤᠬᠠᠢ ᠳᠤᠨᠢ ᠲᠤᠬᠢᠷᠠᠭᠤᠯᠬᠤ ᠭᠡᠷᠡᠭᠳᠠᠢ᠂ ᠬᠠᠷᠢᠨ ᠬᠠᠯᠳᠠᠪᠤᠷᠢᠳᠤ ᠲᠠᠬᠰᠢᠭᠤᠷ ᠤᠨ ᠸᠠᠺᠼᠢᠨ ᠤ ᠬᠠᠮᠠᠭᠠᠯᠠᠯᠳᠠ ᠶᠢᠨ ᠬᠤᠭᠤᠴᠠᠭ᠎ᠠ ᠨᠢ ᠨᠢᠭᠡ ᠵᠢᠯ ᠭᠡᠰᠡᠨ ᠦᠭᠡ ᠪᠢᠰᠢ᠃ ᠤᠳᠤᠬᠠᠨ ᠤ ᠪᠠᠶᠢᠳᠠᠯ ᠢ ᠦᠨᠳᠤᠰᠤᠯᠡᠨ ᠵᠢᠱᠢᠪᠡᠯ᠂ ᠬᠠᠭᠠᠰ ᠵᠢᠯ ᠪᠤᠶᠤ ᠨᠢᠭᠡ ᠵᠢᠯ ᠳᠤ ᠲᠠᠬᠢᠨᠳᠠ ᠸᠠᠺᠼᠢᠨ ᠲᠠᠷᠢᠬᠤ ᠪᠤᠯᠤᠯᠴᠠᠭ᠎ᠠ ᠦᠭᠡᠢ ᠭᠡᠵᠤ ᠬᠡᠯᠡᠪᠡ᠃      ᠸᠠᠺᠼᠢᠨ ᠤ ᠦᠨ᠎ᠡ ᠨᠢ ᠭᠡᠳᠦᠢ ᠪᠤᠢ︖      ᠵᠧᠩ ᠵᠦᠩ ᠸᠧᠢ᠂ ᠸᠠᠺᠼᠢᠨ ᠤ ᠦᠨ᠎ᠡ ᠬᠠᠨᠭ᠍ᠰᠢ ᠨᠢ ᠡᠩ ᠲᠡᠷᠢᠬᠦᠨ ᠳᠤ ᠠᠵᠤ ᠠᠬᠤᠢᠢᠯᠠᠯ ᠢᠶᠠᠷ ᠭᠤᠤᠯ ᠴᠤᠬᠴᠠ ᠪᠤᠯᠭᠠᠬᠰᠡᠨ ᠪᠤᠯᠪᠠᠴᠤ ᠵᠠᠷᠴᠢᠮ ᠢ ᠪᠠᠰᠠ ᠡᠷᠬᠡᠪᠰᠢ ᠵᠢᠷᠤᠮᠯᠠᠬᠤ ᠭᠡᠷᠡᠭᠳᠠᠢ᠂ ᠨᠢᠭᠡᠳᠤᠭᠡᠷ ᠲᠤ᠂ ᠤᠯᠠᠨ ᠨᠠᠶᠢᠳᠠ ᠶᠢᠨ ᠦᠢᠯᠡᠳᠭᠦᠨ ᠤ ᠰᠢᠨᠵᠢ ᠴᠢᠨᠠᠷ ᠤᠨ ᠵᠠᠷᠴᠢᠮ ᠪᠤᠯᠤᠨ᠎ᠡ᠃ ᠤᠯᠠᠨ ᠨᠠᠶᠢᠳᠠ ᠶᠢᠨ ᠦᠢᠯᠡᠳᠭᠦᠨ ᠤ ᠰᠢᠨᠵᠢ ᠴᠢᠨᠠᠷ ᠲᠠᠢ ᠪᠤᠯᠬᠤᠷ ᠡᠴᠤᠰ ᠤᠨ ᠦᠨ᠎ᠡ ᠲᠤᠬᠳᠠᠭᠠᠬᠤ ᠦᠨᠳᠤᠰᠤᠯᠡᠯ ᠨᠢ ᠦᠪᠡᠷ ᠤᠨ ᠦᠷᠳᠡᠭ ᠪᠠᠶᠢᠬᠤ ᠶᠤᠰᠤᠳᠠᠢ ᠭᠡᠵᠤ ᠢᠯᠡᠳᠭᠡᠪᠡ᠃ ᠵᠧᠩ ᠵᠦᠩ ᠸᠧᠢ᠂ ᠦᠢᠯᠡᠳᠪᠤᠷᠢᠯᠡᠯ ᠤᠨ ᠬᠡᠪᠴᠢᠶ᠎ᠡ ᠪᠠ ᠭᠡᠷᠡᠭᠯᠡᠭᠦ ᠬᠡᠪᠴᠢᠶᠠᠨ ᠤ ᠦᠷᠭᠡᠵᠢᠬᠦ ᠶᠢ ᠲᠠᠭᠠᠯᠳᠤᠨ᠂ ᠸᠠᠺᠼᠢᠨ ᠤ ᠦᠨ᠎ᠡ ᠬᠠᠨᠭ᠍ᠰᠢ ᠴᠦ ᠬᠤᠪᠢᠷᠠᠯᠳᠠ ᠲᠠᠢ ᠪᠤᠯᠤᠨ᠎ᠡ᠃ ᠸᠠᠺᠼᠢᠨ ᠤ ᠲᠠᠭᠠᠯᠳᠤᠭᠤᠯᠤᠯ ᠨᠦᠬᠦᠴᠡᠯ ᠨᠢ ᠵᠠᠬ᠎ᠠ ᠲᠡᠯᠭᠡᠬᠦᠷ ᠲᠤ ᠭᠠᠷᠬᠤ ᠵᠦᠪᠰᠢᠶᠡᠷᠡᠯ ᠢ ᠤᠯᠪᠠᠯ᠂ ᠬᠠᠷᠠᠭᠠᠯᠵᠠᠬᠰᠠᠨ ᠦᠨ᠎ᠡ ᠬᠠᠨᠭ᠍ᠰᠢ ᠶᠢᠨ ᠲᠤᠬᠳᠠᠴᠠ ᠶᠢ ᠪᠦᠷᠢᠯᠳᠦᠬᠦᠯᠬᠦ ᠪᠤᠯᠤᠨ᠎ᠡ ᠭᠡᠵᠤ ᠬᠡᠯᠡᠪᠡ᠃ ᠸᠠᠺᠼᠢᠨ ᠢ ᠲᠠᠷᠢᠬᠰᠡᠨ ᠤ ᠲᠠᠷᠠᠭ᠎ᠠ ᠪᠠᠰᠠ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠶᠢ ᠰᠠᠶᠢᠳᠤᠷ ᠬᠢᠬᠦ ᠴᠢᠬᠤᠯᠠᠳᠠᠢ ᠤᠤ︖ ᠽᠧᠩ ᠢ ᠰᠢᠨ᠂ ᠤᠳᠤᠬᠠᠨ ᠪᠤᠯᠳᠠᠯ᠎ᠡ᠂ ᠶᠠᠮᠠᠷᠪᠠ ᠸᠠᠺᠼᠢᠨ ᠤ ᠬᠠᠮᠠᠭᠠᠯᠠᠯᠳᠠ ᠶᠢᠨ ᠨᠤᠷᠮ᠎ᠡ ᠨᠢ ᠵᠠᠭᠤᠨ ᠤ ᠵᠠᠭᠤ ᠳᠤ ᠬᠦᠷᠴᠤ ᠲᠠᠶᠢᠯᠬᠦ ᠦᠭᠡᠢ ᠪᠠᠶᠢᠨ᠎ᠠ᠂ ᠡᠶᠢᠮᠤ ᠠᠴᠠ᠂ ᠸᠠᠺᠼᠢᠨ ᠢ ᠲᠠᠷᠢᠬᠰᠡᠨ ᠤ ᠲᠠᠷᠠᠭ᠎ᠠ ᠰᠡᠷᠭᠡᠶᠢᠯᠡᠯᠳᠡ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠪᠠᠨ ᠰᠤᠯᠠᠷᠠᠭᠤᠯᠬᠤ ᠦᠭᠡᠢ ᠪᠠᠶᠢᠪᠠᠯ ᠰᠠᠶ᠋ᠢ ᠠᠮᠤᠷ ᠲᠦᠪᠰᠢᠨ ᠢ ᠨᠡᠩ ᠰᠠᠶᠢᠨ ᠪᠠᠳᠤᠯᠠᠵᠤ ᠴᠢᠳᠠᠨ᠎ᠡ᠃ ᠸᠠᠺᠼᠢᠨ ᠢ ᠲᠠᠷᠢᠬᠰᠡᠨ ᠤ ᠲᠠᠷᠠᠭ᠎ᠠ᠂ ᠤᠯᠠᠨ ᠢᠶᠠᠷ ᠢᠶᠠᠨ ᠠᠮᠠᠪᠴᠢ ᠵᠡᠬᠦᠬᠦ᠂ ᠭᠠᠷ ᠢᠶᠠᠨ ᠦᠷᠬᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠢ ᠪᠠᠨ ᠪᠠᠳᠤᠯᠬᠠᠤ ᠵᠡᠷᠭᠡ ᠰᠠᠶᠢᠨ ᠰᠠᠶᠢᠬᠠᠨ ᠲᠠᠳᠬᠠᠯ ᠢ ᠪᠠᠭᠳᠠᠭᠠᠬᠰᠡᠨ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠪᠠᠨ ᠦᠷᠬᠦᠯᠵᠢᠯᠡᠨ ᠪᠠᠳᠤᠯᠠᠬᠤ ᠶᠢ ᠱᠠᠭᠠᠷᠳᠠᠵᠤ ᠪᠠᠶᠢᠨ᠎ᠡ ᠭᠡᠵᠤ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号