ᠡᠷᠢᠶᠡᠨ ᠬᠤᠲᠠ ᠶᠢᠨ ᠭᠤᠤᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠬᠤᠲᠠ ᠶᠢᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠭᠤᠳ ᠳ᠋ᠦᠩᠨᠡᠨ ᠪᠣᠳᠣᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/12/9
     ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ ᠳᠠᠷᠤᠭᠠᠰᠤ ᠶᠢ ᠦᠨᠡᠨᠬᠦ ᠬᠦᠩᠭᠡᠷᠡᠭᠦᠯᠵᠦ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠳ᠋ᠦᠩᠨᠡᠨ ᠪᠤᠳᠤᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠮᠤᠭ ᠤᠨ ᠶᠡᠭᠡ ᠬᠡᠮᠵᠢᠶᠡᠨ ᠤ ᠣᠷᠣᠨ ᠨᠤᠲᠤᠭ ᠤᠨ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠬᠦ ᠶᠢᠨ ᠲᠦᠯᠦᠭᠡ᠂ 2020 ᠣᠨ ᠤ 5 ᠰᠠᠷ᠎ᠠ ᠠᠴᠠ ᠨᠠᠰᠢ᠂ ᠡᠷᠢᠶᠡᠨ ᠬᠤᠲᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠬᠢᠭᠡᠳ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ︽ᠨᠢᠭᠡ ᠦᠷᠳᠡᠭᠡ ᠮᠠᠶ᠋ᠢᠭ︾ ᠤᠨ ᠲᠤᠬᠠᠢ ᠶᠢᠨ ᠴᠠᠭ ᠲᠤᠨᠢ ᠳ᠋ᠦᠩᠨᠡᠨ ᠪᠣᠳᠣᠬᠤ ᠶᠢ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠬᠦᠴᠢᠷᠳᠡᠯᠲᠡᠶ ᠣᠯᠠᠨ ᠲᠦᠮᠡᠨ ᠤ ︽ᠨᠢᠭᠡ ᠤᠳᠠᠭ᠎ᠠ ᠴᠦ ᠭᠦᠶᠦᠬᠦ ᠴᠢᠬᠤᠯᠠ ᠦᠭᠡᠢ ︾ ᠦᠢᠯᠡᠴᠢᠯᠡᠭᠡ ᠪᠠ ᠬᠦᠴᠢᠷᠳᠡᠯᠲᠡᠶ ᠣᠯᠠᠨ ᠲᠦᠮᠡᠨ ᠢ ︽ᠡᠪᠡᠳᠴᠢᠨ ᠢᠶᠠᠨ ᠵᠠᠰᠠᠬᠤ᠂ ᠡᠮᠨᠡᠨᠯᠭᠡ ᠳᠤ ᠰᠠᠭᠤᠵᠦ ᠳᠡᠶᠢᠯᠬᠦ︾ ᠶᠢ ᠪᠡᠶᠡᠯᠡᠭᠦᠯᠦᠭᠰᠡᠨ ᠪᠠᠶᠢᠨ᠎ᠠ᠃      ᠭᠤᠣᠯᠳᠠᠯᠭ᠎ᠠ ᠲᠠᠢ ᠠᠪᠤᠷᠠᠨ ᠲᠤᠰᠠᠯᠠᠬᠤ ᠡᠲᠡᠭᠡᠳ ᠨᠢ ᠡᠷᠢᠶᠡᠨ ᠬᠤᠲᠠ ᠶᠢᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠡᠮᠨᠡᠨ ᠵᠠᠰᠠᠵᠤ᠂ ᠡᠮᠨᠡᠯᠭᠡ ᠠᠴᠠ ᠭᠠᠷᠬᠤ ᠦᠶᠡᠰ ᠡᠪᠡᠳᠴᠢᠲᠡᠨ ᠵᠥᠪᠬᠡᠨ ᠬᠤᠪᠢ ᠬᠥᠮᠦᠨ ᠤ ᠥᠪᠡᠷᠲᠡᠭᠡᠨ ᠥᠭᠬᠦ ᠬᠡᠰᠡᠭ ᠢ ᠲᠤᠰᠢᠶᠠᠵᠦ᠂ ᠦᠨᠳᠦᠰᠦᠨ ᠡᠮᠴᠢᠯᠡᠭᠡᠨ ᠤ ᠳᠠᠩᠰᠠ ᠲᠠᠶᠢᠯᠬᠤ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠨᠥᠬᠦᠪᠥᠷᠢ ᠶᠢᠨ ᠬᠡᠰᠡᠭ ᠢ ᠡᠮᠨᠡᠯᠭᠡ ᠶᠢᠨ ᠬᠤᠷᠢᠶ᠎ᠠ ᠠᠴᠠ ᠣᠷᠣᠯᠠᠨ ᠥᠭᠴᠦ᠂ ᠣᠷᠣᠯᠠᠨ ᠥᠭᠬᠦ ᠪᠡᠯᠡ ᠮᠥᠩᠭᠦ ᠶᠢ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠤᠭᠳᠠᠭᠠᠯ ᠶᠣᠰᠣᠭᠠᠷ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠲᠣᠭᠲᠠᠮᠠᠯ ᠬᠤᠭᠤᠴᠠᠭ᠎ᠠ ᠲᠠᠢ ᠪᠠᠷ ᠳ᠋ᠦᠩᠨᠡᠨ ᠪᠣᠳᠣᠬᠤ ᠶᠢᠨ ᠬᠠᠮᠲᠤ ᠨᠥᠬᠦᠵᠦ ᠪᠤᠴᠠᠭᠠᠬᠤ ᠪᠣᠯᠣᠨ᠎ᠠ᠃      ᠣᠳᠣᠬᠠᠨ ᠪᠣᠯᠲᠠᠯ᠎ᠠ ᠡᠷᠢᠶᠡᠨ ᠬᠤᠲᠠ ᠶᠢᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠲᠤᠰᠠᠯᠠᠯᠲᠠ 8 ᠬᠥᠮᠦᠨ ᠤᠳᠠᠭ᠎ᠠ᠂ ᠡᠮᠨᠡᠯᠭᠡ ᠳᠤ ᠰᠠᠭᠤᠭᠰᠠᠨ ᠶᠡᠷᠦᠩᠬᠡᠶ ᠵᠠᠷᠤᠳᠠᠯ 4.41 ᠲᠦᠮᠡᠨ ᠲᠥᠭᠦᠷᠢᠭ᠂ ᠦᠨᠳᠦᠰᠦᠨ ᠡᠮᠴᠢᠯᠡᠭᠡᠨ ᠤ ᠲᠠᠩᠰᠠ ᠲᠠᠶᠢᠯᠤᠭᠰᠠᠨ ᠵᠠᠷᠤᠳᠠᠯ ᠨᠡᠶᠢᠲᠡ 2.67 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠨᠥᠬᠦᠪᠥᠷᠢ ᠨᠡᠶᠢᠲᠡ 0.84 ᠲᠦᠮᠡᠨ ᠲᠥᠭᠦᠷᠢᠭ︔ ᠡᠷᠢᠶᠡᠨ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠲᠤᠰᠠᠯᠠᠯᠲᠠ ᠨᠡᠶᠢᠲᠡ 3 ᠬᠥᠮᠦᠨ ᠤᠳᠠᠭ᠎ᠠ᠂ ᠡᠮᠨᠡᠯᠭᠡ ᠳᠤ ᠰᠠᠭᠤᠭᠰᠠᠨ ᠶᠡᠷᠦᠩᠬᠡᠶ ᠵᠠᠷᠤᠳᠠᠯ 2.62 ᠲᠦᠮᠡᠨ ᠲᠥᠭᠦᠷᠢᠭ᠂ ᠦᠨᠳᠦᠰᠦᠨ ᠡᠮᠴᠢᠯᠡᠭᠡᠨ ᠤ ᠳᠠᠩᠰᠠ ᠲᠠᠶᠢᠯᠣᠭᠰᠠᠨ ᠨᠡᠶᠢᠳᠡ 1.58 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠨᠥᠬᠦᠪᠥᠷᠢ ᠨᠡᠶᠢᠲᠡ 0.46 ᠲᠦᠮᠡᠨ ᠲᠥᠭᠦᠷᠢᠭ ᠪᠤᠯᠤᠭᠰᠠᠨ ᠪᠠᠶᠢᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号