ᠮᠠᠨ ᠤ ᠣᠷᠣᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠴᠡᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/15
     ᠣᠶᠢᠷ᠎ᠠ ᠳᠤ᠂ ᠮᠠᠨ ᠤ ᠣᠷᠣᠨ ᠡᠮᠨᠡᠯᠭᠡ ᠳᠤ ᠰᠠᠭᠤᠬᠤ ᠬᠢᠷᠢ ᠬᠡᠮ ᠲᠠᠢ 655 ᠴᠡᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠬᠡᠪᠴᠢᠶᠡᠨ ᠳᠤ ᠣᠷᠣᠭᠤᠯᠵᠤ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠴᠡᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠯᠤᠰ ᠠᠴᠠ ᠲᠣᠬᠢᠷᠠᠭᠤᠯᠤᠭᠰᠠᠨ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃      ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠠᠴᠠ ᠡᠮᠦᠨ᠎ᠡ᠂ ᠣᠨᠳᠣᠤ ᠭᠠᠵᠠᠷ ᠲᠤ ᠡᠮᠨᠡᠭᠦᠯᠬᠦ ᠬᠥᠮᠦᠰ ᠡᠷᠬᠡᠪᠰᠢ ᠤᠷᠢᠳ ᠢᠶᠠᠷ ᠡᠮᠴᠢᠯᠡᠭᠡᠨ ᠤ ᠵᠠᠷᠤᠳᠠᠯ ᠢ ᠣᠷᠣᠯᠠᠨ ᠳᠥᠯᠥᠭᠰᠡᠨ ᠤ ᠳᠠᠷᠠᠭ᠎ᠠ ᠰᠠᠶ᠋ᠢ ᠰᠦᠶᠳᠬᠡᠯ ᠬᠤᠷᠢᠶᠠᠭᠰᠠᠨ ᠪᠠᠷᠢᠮᠲᠠ ᠪᠠᠨ ᠠᠪᠴᠤ ᠳᠠᠭᠠᠳᠬᠠᠯ ᠳᠤ ᠣᠷᠣᠯᠴᠠᠭᠰᠠᠨ ᠭᠠᠵᠠᠷ ᠲᠠᠭᠠᠨ ᠪᠤᠴᠠᠵᠤ ᠲᠠᠩᠰᠠ ᠲᠠᠶᠢᠯᠬᠤ ᠬᠡᠷᠡᠭᠲᠡᠶ ᠪᠣᠯᠬᠤᠷ ᠪᠠᠭ᠎ᠠ ᠪᠤᠰᠤ ᠴᠠᠭ ᠪᠠ ᠬᠦᠴᠦ ᠵᠠᠷᠤᠴᠠᠭᠤᠯᠤᠨ᠎ᠠ᠃ ᠮᠠᠨ ᠤ ᠣᠷᠣᠨ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠶᠢ ᠨᠡᠪᠲᠡᠷᠡᠭᠦᠯᠦᠭᠰᠡᠨ ᠪᠥᠭᠡᠳ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠴᠡᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠬᠦ ᠬᠥᠮᠦᠰ ᠤᠨ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠭᠥᠷᠳᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠵᠦ᠂ ᠠᠷᠠᠳ ᠣᠯᠠᠨ ᠤ《ᠡᠪᠡᠳᠴᠢᠨ ᠦᠵᠡᠭᠦᠯᠬᠦ ᠳᠤ ᠬᠦᠴᠢᠷᠲᠡᠶ᠂ ᠲᠠᠩᠰᠠ ᠲᠠᠶᠢᠯᠬᠤ ᠳᠤ ᠲᠦᠪᠡᠭᠲᠡᠶ 》ᠪᠠᠶᠢᠬᠤ ᠣᠳᠣᠬᠢ ᠪᠠᠶᠢᠳᠠᠯ ᠢ ᠦᠨᠡᠨ ᠬᠦ ᠰᠢᠶᠳᠪᠦᠷᠢᠯᠡᠵᠦ᠂ ᠣᠨᠳᠣᠤ ᠭᠠᠵᠠᠷ ᠲᠤ ᠡᠮᠨᠡᠭᠦᠯᠬᠦ ᠬᠥᠮᠦᠰ ᠤᠨ ᠣᠯᠠᠨ ᠲᠠᠰ ᠳᠠᠪᠬᠤᠷᠭ᠎ᠠ ᠶᠢᠨ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠪᠠ᠃      ᠮᠠᠨ ᠤ ᠣᠷᠣᠨ ᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠣᠷᠣᠨ ᠤ ᠭᠠᠳᠠᠨ᠎ᠠ ᠣᠴᠢᠵᠤ ᠡᠪᠡᠳᠴᠢᠨ ᠦᠵᠡᠭᠦᠯᠦᠭᠰᠡᠨ ᠪᠣᠯ᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠢ ᠣᠨᠳᠣᠤ ᠭᠠᠵᠠᠷ ᠲᠤ ᠲᠥᠪᠬᠢᠨᠡᠭᠦᠯᠬᠦ᠂ ᠣᠷᠳᠣ ᠬᠤᠭᠤᠴᠠᠭ᠎ᠠ ᠪᠠᠷ ᠣᠨᠳᠣᠤ ᠭᠠᠵᠠᠷ ᠲᠤ ᠰᠠᠭᠤᠬᠤ᠂ ᠣᠨᠳᠣᠤ ᠭᠠᠵᠠᠷ ᠲᠤ ᠪᠠᠶᠢᠩᠭᠤ ᠰᠠᠭᠤᠵᠤ ᠠᠵᠢᠯᠯᠠᠬᠤ ᠭᠤᠷᠪᠠᠨ ᠲᠥᠷᠥᠯ ᠤᠨ ᠬᠥᠮᠦᠰ ᠪᠥᠬᠦ ᠤᠯᠤᠰ ᠤᠨ ᠪᠣᠶ ᠪᠥᠬᠦᠶ ᠴᠡᠭ ᠲᠣᠭᠲᠠᠭᠰᠠᠨ ᠰᠦᠯᠵᠢᠶᠡᠵᠢᠭᠰᠡᠨ ᠡᠮᠨᠡᠯᠭᠡ ᠶᠢᠨ ᠬᠤᠷᠢᠶ᠎ᠠ ᠳᠤ ᠣᠴᠢᠵᠤ ᠡᠪᠡᠳᠴᠢᠨ ᠦᠵᠡᠭᠦᠯᠬᠦ ᠳᠤ ᠴᠥᠮ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠵᠦ ᠪᠣᠯᠤᠨ᠎ᠠ᠂ ᠲᠣᠭᠲᠠᠭᠠᠯ ᠳᠤ ᠨᠡᠶᠢᠴᠡᠬᠦ ᠰᠢᠯᠵᠢᠭᠦᠯᠦᠨ ᠡᠮᠨᠡᠭᠦᠯᠬᠦ ᠬᠥᠮᠦᠰ ᠪᠥᠬᠦ ᠤᠯᠤᠰ  ᠤᠨ ᠭᠤᠷᠪᠠᠳᠤᠭᠠᠷ ᠳᠡᠰ ᠤᠨ ᠣᠨᠳᠣᠤ ᠭᠠᠵᠠᠷ ᠤᠨ ᠴᠡᠭ ᠲᠣᠭᠲᠠᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠣᠨᠳᠣᠤ ᠭᠠᠵᠠᠷ ᠤᠨ ᠴᠡᠭ ᠲᠣᠭᠲᠠᠭᠰᠠᠨ ᠲᠤᠰᠬᠠᠶ ᠡᠮᠨᠡᠯᠭᠡ ᠶᠢᠨ ᠬᠤᠷᠢᠶ᠎ᠠ ᠳᠤ ᠣᠴᠢᠬᠤ ᠴᠢᠬᠤᠯᠠᠲᠠᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠣᠨᠳᠣᠤ ᠭᠠᠵᠠᠷ ᠲᠤ ᠡᠮᠨᠡᠭᠦᠯᠬᠦ ᠶᠢ ᠳᠠᠩᠰᠠᠯᠠᠬᠤ ᠲᠠᠰ ᠳᠠᠷᠠᠭᠠᠯᠠᠯ ᠢ ᠳᠥᠭᠦᠮᠴᠢᠯᠡᠬᠦ᠂ ᠳᠠᠩᠰᠠᠯᠠᠬᠤ ᠠᠷᠭ᠎ᠠ ᠵᠠᠮ ᠢ ᠥᠷᠭᠡᠳᠬᠡᠨ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠣᠨᠳᠣᠤ ᠭᠠᠵᠠᠷ ᠲᠤ ᠡᠮᠨᠡᠭᠦᠯᠬᠦ ᠳᠠᠭᠠᠳᠬᠠᠯ ᠳᠤ ᠣᠷᠣᠯᠴᠠᠭᠰᠠᠳ ᠲᠤ ᠲᠥᠬᠦᠮ ᠦᠵᠡᠭᠦᠯᠪᠡ᠃ 2020 ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠮᠤᠵᠢ ᠠᠯᠤᠰᠯᠠᠨ ᠣᠨᠳᠣᠤ ᠭᠠᠵᠠᠷ ᠡᠮᠨᠡᠭᠦᠯᠦᠭᠰᠡᠨ ᠳᠠᠩᠰᠠᠯᠠᠭᠤᠯᠤᠯᠲᠠ ᠨᠡᠶᠢᠲᠡ 18 . 57 ᠲᠦᠮᠡᠨ ᠬᠥᠮᠦᠨ ᠪᠠᠶᠢᠵᠤ᠂ ᠮᠤᠵᠢ ᠠᠯᠤᠰᠯᠠᠨ ᠣᠨᠳᠣᠤ ᠭᠠᠵᠠᠷ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠡᠰᠦᠯᠦᠨ ᠪᠤᠳᠤᠭᠰᠠᠨ ᠨᠢ 12 . 67 ᠲᠦᠮᠡᠨ ᠬᠥᠮᠦᠨ ᠤᠳᠠᠭ᠎ᠠ ᠳᠤ ᠬᠦᠷᠴᠦ᠂ ᠡᠮᠴᠢᠯᠡᠭᠡᠨ ᠤ ᠵᠠᠷᠤᠳᠠᠯ ᠤᠨ ᠶᠡᠷᠦᠩᠬᠡᠶ ᠵᠠᠷᠤᠳᠠᠯ ᠨᠢ 33 . 94 ᠳ᠋ᠦᠩᠰᠢᠭᠤᠷ ᠲᠥᠭᠦᠷᠢᠭ ᠲᠤ ᠬᠦᠷᠴᠦ᠂ ᠡᠮᠴᠢᠯᠡᠭᠡᠨ ᠤ ᠳᠠᠭᠠᠳᠬᠠᠯ ᠠᠴᠠ 18 . 9 ᠳ᠋ᠦᠩᠰᠢᠭᠤᠷ ᠲᠥᠭᠦᠷᠢᠭ ᠳᠥᠯᠥᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号