ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠤᠯᠭᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/1/6
     2020 ᠣᠨ ᠤ 12 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠨᠠᠮ ᠤᠨ ᠡᠭᠦᠷ᠂ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠵᠦᠪᠯᠡᠯ︵ᠠᠵᠢᠯᠲᠠᠨ ᠤ ᠶᠠᠪᠤᠳᠠᠯ ᠤᠨ ᠭᠠᠵᠠᠷ︶ ᠤᠨ ᠨᠠᠮ ᠤᠨ ᠡᠭᠦᠷ ᠬᠥᠬᠡᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠬᠦᠷᠴᠦ᠂ ᠶᠠᠷᠢᠯᠴᠠᠬᠤ ᠬᠤᠷᠠᠯ ᠤᠨ ᠬᠡᠯᠪᠡᠷᠢ ᠪᠠᠷ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠤᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ ᠥᠷᠨᠢᠭᠦᠯᠪᠡ᠃      ᠶᠠᠷᠢᠯᠴᠠᠬᠤ ᠬᠤᠷᠠᠯ ᠳᠡᠭᠡᠷ᠎ᠡ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ᠂ ᠡᠮᠴᠢᠯᠡᠭᠡᠨ ᠤ ᠪᠠᠲᠤᠯᠠᠭ᠎ᠠ ᠶᠢ ᠴᠢᠩᠭᠠᠳᠬᠠᠬᠤ ᠪᠣᠯ ᠦᠨᠳᠦᠰᠦᠲᠡᠨ ᠤ ᠠᠵᠢᠯ ᠢ ᠠᠬᠢᠭᠤᠯᠬᠤ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭᠠᠨ ᠤ ᠳᠠᠪᠲᠠᠨ ᠪᠣᠯᠪᠠᠰᠤᠷᠠᠭᠤᠯᠤᠯᠲᠠ ᠪᠠᠨ ᠴᠢᠩᠭᠠᠳᠬᠠᠵᠤ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠳᠠᠭᠠᠳᠬᠠᠯ ᠳᠤ ᠣᠷᠣᠯᠴᠠᠭᠰᠠᠨ ᠥᠷᠭᠡᠨ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠢᠮᠠᠭᠲᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠲᠤ ᠴᠢᠩᠭ᠎ᠠ ᠤᠯᠤᠰ ᠲᠥᠷᠥ ᠶᠢᠨ ᠬᠦᠴᠦᠨ ᠪᠤᠯᠭᠠᠬᠤ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠳᠡᠭᠡᠷ᠎ᠡ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ᠂ ᠴᠥᠭᠡᠨ ᠲᠣᠭᠠᠲᠤ ᠦᠨᠳᠦᠰᠦᠲᠡᠨ ᠤ ᠡᠮ ᠡᠮᠨᠡᠯᠭᠡ ᠪᠣᠯ ᠬᠢᠲᠠᠳ ᠡᠮ ᠡᠮᠨᠡᠯᠭᠡ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠪᠣᠯᠤᠨ ᠵᠠᠰᠠᠭ ᠤᠨ ᠣᠷᠳᠣᠨ ᠬᠢᠲᠠᠳ ᠡᠮ ᠡᠮᠨᠡᠯᠭᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠬᠢᠲᠠᠳ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠭᠦᠯᠬᠦ ᠠᠵᠢᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠢᠲᠠᠳ ᠡᠮ ᠡᠮᠨᠡᠯᠭᠡ ᠶᠢᠨ ᠶᠠᠰᠤ ᠴᠢᠨᠠᠷ ᠤᠨ ᠳᠡᠭᠡᠭᠰᠢᠯᠡᠯᠲᠡ ᠪᠣᠯᠤᠨ ᠬᠠᠮᠢᠶ᠎ᠠ ᠪᠥᠬᠦᠶ ᠠᠵᠤ ᠦᠢᠡᠯᠰ ᠤᠨ ᠴᠢᠨᠠᠷ ᠰᠠᠶᠢᠲᠠᠶ ᠬᠥᠭᠵᠢᠯᠲᠡ ᠶᠢ ᠶᠡᠭᠡ ᠪᠠᠷ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠤ ᠡᠮᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠣᠭᠤᠷᠢᠨ ᠳᠤ ᠤᠯᠠᠮ ᠨᠢᠭᠡ ᠠᠯᠬᠤᠮ ᠰᠠᠨᠠᠯ ᠢᠶᠠᠨ ᠰᠣᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号