︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ ︵ᠰᠠᠨᠠᠯ ᠬᠤᠷᠢᠶᠠᠬᠤ ᠨᠣᠤᠷᠠᠭ︶︾ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ  ᠶᠢᠨ ᠪᠠᠲᠤᠯᠠᠭ᠎ᠠ ᠶᠢᠨ ᠲᠤᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2021/10/10
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191  ᠳ᠋ᠤᠭᠡᠷ ᠲᠣᠭᠠᠲᠤ︶ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2021 ᠣᠨ ᠤ 10 ᠳ᠋ᠤᠭᠠᠷ ᠰᠠᠷ᠎ᠠ ᠶᠢᠨ ᠬᠤᠷᠢᠳ ᠢᠶᠠᠷ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ ︵ᠰᠠᠨᠠᠯ ᠬᠤᠷᠢᠶᠠᠬᠤ ᠨᠣᠤᠷᠠᠭ︶︾ ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠣᠶ᠃ ᠤᠳᠤ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ  ᠵᠠᠷᠯᠠᠶ᠎ᠠ᠄      ᠨᠢᠭᠡ᠂ ᠣᠷᠣᠯᠴᠠᠭᠰᠠᠳ      ᠭᠡᠷᠡᠴᠢᠯᠡᠭᠡ ᠰᠣᠨᠣᠰᠬᠤ ᠬᠤᠷᠠᠯ ᠳᠤ ᠨᠡᠶᠢᠲᠡ 19 ᠬᠥᠮᠦᠨ ᠤᠷᠤᠯᠴᠠᠨ᠎ᠠ᠂ ᠡᠭᠦᠨ ᠳᠤ᠄ ᠠᠷᠠᠳ ᠤᠨ ᠲᠥᠯᠥᠭᠡᠯᠡᠭᠴᠢ 1 ᠬᠥᠮᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1 ᠬᠥᠮᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ 2 ᠬᠥᠮᠦᠨ᠂ ᠴᠢᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ 2 ᠬᠥᠮᠦᠨ᠂ ᠴᠢᠭ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠲᠥᠯᠥᠭᠡᠯᠡᠭᠴᠢ 2 ᠬᠥᠮᠦᠨ᠂ ᠣᠯᠠᠨ ᠲᠦᠮᠡᠨ ᠤ ᠲᠥᠯᠥᠭᠡᠯᠡᠭᠴᠢ 5 ᠬᠥᠮᠦᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ 2 ᠬᠥᠮᠦᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠬᠡᠷ ᠤᠨ ᠠᠵᠢᠯᠲᠠᠨ 4 ᠬᠥᠮᠦᠨ᠃      ᠬᠤᠶᠠᠷ᠂ ᠪᠤᠢ ᠪᠣᠯᠬᠤ ᠠᠷᠭ᠎ᠠ ᠮᠠᠶ᠋ᠢᠭ      ︵ᠨᠢᠭᠡ︶ ᠭᠡᠷᠡᠴᠢᠯᠡᠭᠡ ᠰᠣᠨᠣᠰᠬᠤ ᠬᠤᠷᠠᠯ ᠤᠨ ᠣᠯᠠᠨ ᠲᠦᠮᠡᠨ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠠᠪᠴᠤ᠂ ᠨᠡᠷ᠎ᠡ ᠮᠡᠳᠡᠭᠦᠯᠦᠭᠰᠡᠳ ᠤᠨ ᠡᠮᠦᠨ᠎ᠡ ᠬᠤᠶᠢᠨᠠᠬᠢ ᠲᠠᠰ ᠳᠠᠷᠠᠭᠠᠯᠠᠯ ᠢᠶᠠᠷ ᠰᠣᠩᠭᠤᠨ ᠭᠠᠷᠭᠠᠨ᠎ᠠ᠂ ᠨᠡᠷ᠎ᠡ ᠮᠡᠳᠡᠭᠦᠯᠦᠭᠰᠡᠳ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      1᠂ ᠪᠦᠬᠦᠯᠢ 18 ᠨᠠᠰᠤ ᠬᠦᠷᠦᠭᠰᠡᠨ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ︔       2᠂ ᠴᠢᠬᠤᠯᠠ ᠪᠥᠬᠦᠶ ᠬᠤᠪᠢ ᠬᠥᠮᠦᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠵᠥᠪᠰᠢᠶᠡᠷᠡᠨ᠎ᠡ ︵ᠣᠪᠣᠭ ᠨᠡᠷ᠎ᠡ᠂ ᠭᠦᠢᠰᠦ᠂ ᠪᠡᠶ᠎ᠡ ᠶᠢᠨ ᠭᠠᠷᠤᠯ᠂ ᠠᠵᠢᠯ ᠮᠡᠷᠭᠡᠵᠢᠯ ᠵᠡᠷᠭᠡ︶︔      3᠂ ᠵᠣᠬᠢᠬᠤ ᠬᠡᠮᠵᠢᠶᠡᠨ ᠤ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ ᠪᠢᠴᠢᠭ ᠤᠨ ᠢᠯᠡᠳᠬᠡᠬᠦ ᠴᠢᠳᠠᠪᠤᠷᠢ ᠲᠠᠢ ᠪᠠᠶᠢᠬᠤ︔      4᠂ ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠥᠭᠡᠳ ᠬᠤᠷᠠᠯ ᠳᠤ ᠴᠠᠭ ᠲᠤᠬᠠᠶ ᠳᠤᠨᠢ ᠪᠦᠬᠦ ᠶᠠᠪᠤᠴᠠ ᠪᠠᠷ ᠣᠷᠣᠯᠴᠠᠵᠤ ᠴᠢᠳᠠᠬᠤ︔      5᠂ ᠭᠡᠷᠡᠴᠢᠯᠡᠭᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ ᠵᠢᠷᠤᠮᠯᠠᠨ ᠰᠠᠬᠢᠬᠤ᠃      ︵ᠬᠤᠶᠠᠷ︶ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠤᠷᠢᠨ ᠣᠷᠣᠯᠴᠠᠭᠤᠯᠤᠨ᠎ᠠ᠃      ︵ᠭᠤᠷᠪᠠ︶ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠠᠵᠢᠯᠲᠠᠨ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠵᠤ ᠲᠠᠨᠢᠯᠴᠠᠭᠤᠯᠤᠨ ᠭᠠᠷᠭᠠᠬᠤ ᠪᠤᠶᠤ ᠤᠷᠢᠨ᠎ᠠ᠃      ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ      ᠬᠤᠷᠠᠯ ᠳᠤ ᠤᠷᠤᠯᠴᠠᠬᠤ ᠰᠠᠨᠠᠭᠠᠳᠠᠢ ᠬᠦᠮᠦᠰ 10 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠥᠪᠡᠷ ᠤᠨ ᠪᠡᠶ᠎ᠡ ᠶᠢᠨ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠪᠠ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ᠶᠢ nmgybjdyc@163.com ᠢᠮᠧᠯ ᠳᠤ ᠢᠯᠡᠭᠡᠬᠦ ᠪᠤᠶᠤ 0471—6903944 ᠳᠤ ᠹᠠᠺᠰ ᠢᠶᠠᠷ ᠢᠯᠡᠭᠡᠭᠡᠷᠡᠶ᠃      ᠬᠠᠷᠢᠯᠴᠠᠬᠤ ᠬᠥᠮᠦᠨ᠄ ᠪᠠᠶ ᠬᠠᠶ ᠪᠦᠦ      ᠬᠠᠷᠢᠯᠴᠠᠬᠤ ᠤᠲᠠᠰᠤ᠄ 0471—6903944 ︵ᠹᠠᠺᠰ︶      ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 604 ᠥᠷᠥᠭᠡ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ      2021 ᠣᠨ ᠤ 10 ᠳ᠋ᠤᠭᠠᠷ ᠰᠠᠷ᠎ᠠ ᠶᠢᠨ 9 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号