ᠬᠡᠰᠡᠭ ᠡᠮ ᠲᠠᠩ ᠤᠨ ᠬᠤᠳᠠᠯᠳᠤᠨ ᠠᠪᠬᠤ ᠦᠨ᠎ᠡ ᠶᠢ ᠪᠠᠭᠤᠷᠠᠭᠤᠯᠬᠤ ᠲᠤᠬᠠᠶ ᠮᠡᠳᠡᠭᠳᠡᠯ ︵2021 — 10︶
ᠨᠡᠶᠢᠲᠡᠯᠡᠭᠰᠡᠨ ᠴᠠᠭ᠄
2021/10/11
     ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 205 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ᠤᠯᠤᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠲᠠᠢ ᠤᠶᠠᠯᠳᠤᠭᠤᠯᠤᠨ᠂ ᠡᠳᠦᠭᠡ ᠤᠯᠤᠰ ᠤᠨ ᠡᠮ ᠤᠨ ᠪᠦᠯᠦᠭᠯᠡᠯ ᠤᠨ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠵᠡᠩᠨᠡᠵᠦ ᠪᠠᠶᠢᠭ᠎ᠠ ᠾᠯᠣᠷᠲᠤ ᠪᠧᠨ᠋ᠽᠤᠯ ᠬᠦᠴᠢᠯ ᠤᠨ ᠵᠥᠭᠡᠯᠡᠨ ᠬᠤᠮᠵᠢᠶ᠎ᠠ ︵61mg × 30 ᠬᠠᠪᠲᠠᠭᠠᠶ︶ ᠵᠡᠷᠭᠡ 7 ᠵᠦᠢᠯ ᠤᠨ ᠡᠮ  ᠲᠠᠩ ᠤᠨ ᠬᠤᠳᠠᠯᠳᠤᠨ ᠠᠪᠬᠤ ᠬᠢᠵᠠᠭᠠᠷ ᠦᠨ᠎ᠡ ᠳᠤ ᠲᠣᠬᠢᠷᠠᠭᠤᠯᠤᠯᠲᠠ ᠬᠢᠪᠠ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ᠂ ᠬᠠᠮᠢᠶ᠎ᠠ ᠪᠥᠬᠦᠶ ᠦᠢᠯᠡᠳᠪᠦᠷᠢᠯᠡᠯ ︵ᠡᠵᠡᠩᠨᠡᠯᠲᠡ︶ ᠤᠨ ᠠᠵᠤ ᠠᠬᠤᠶᠢᠯᠠᠯ ᠤᠳ ᠡᠷᠬᠡᠪᠰᠢ ᠤᠤᠯ ᠤᠨ ᠵᠥᠪᠯᠡᠭᠰᠡᠨ ᠦᠨ᠎ᠡ ᠶᠢᠨ ᠠᠷᠭ᠎ᠠ ᠮᠠᠶ᠋ᠢᠭ ᠢᠶᠠᠷ ᠵᠥᠪᠯᠡᠭᠰᠡᠨ ᠦᠨ᠎ᠡ ᠶᠢ ᠥᠷᠨᠢᠭᠦᠯᠬᠦ ᠶᠢᠨ ᠬᠠᠮᠲᠤ᠂ ᠬᠠᠮᠢᠶ᠎ᠠ ᠪᠥᠬᠦᠶ ᠬᠤᠳᠠᠯᠳᠤᠨ ᠠᠪᠴᠤ ᠬᠠᠩᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠲᠣᠬᠢᠷᠠᠭᠤᠯᠤᠯᠲᠠ ᠬᠢᠭᠰᠡᠨ ᠤ ᠳᠠᠷᠠᠭ᠎ᠠ ᠦᠨ᠎ᠡ ᠬᠠᠩᠰᠢ ᠶᠢ 2021 ᠣᠨ ᠤ 10 ᠳ᠋ᠤᠭᠠᠷ ᠰᠠᠷ᠎ᠠ ᠶᠢᠨ 9 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠠᠷᠢᠯᠴᠠᠬᠤ ᠬᠥᠮᠦᠨ᠄ ᠵᠠᠩ ᠶᠠᠨ      ᠬᠠᠷᠢᠯᠴᠠᠬᠤ ᠤᠲᠠᠰᠤ᠄ 0471—4904007      ᠳᠠᠭᠠᠯᠳᠤᠭᠤᠯᠤᠯ᠄ ᠡᠮ ᠲᠠᠩ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠭᠰᠡᠨ ᠨᠠᠷᠢᠨ ᠬᠠᠭᠤᠳᠠᠰᠤ ︵ᠠᠷᠪᠠᠳᠤᠭᠠᠷ ᠪᠦᠯᠦᠭ︶          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 9 ᠳ᠋ᠤᠭᠡᠷ ᠰᠠᠷ᠎ᠠ ᠶᠢᠨ 30 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号