ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠤ ᠺᠢᠰᠢᠳᠠ ᠹᠦᠮᠢᠣ᠋ ᠶᠢᠨ ᠶᠠᠫᠣᠨ ᠤ ᠲᠡᠷᠢᠭᠦᠨ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ ᠯᠢ ᠺᠧ ᠴᠢᠶᠠᠩ ᠺᠢᠰᠢᠳᠠ ᠹᠦᠮᠢᠣ᠋ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠵᠠᠢ
ᠨᠡᠶᠢᠲᠡᠯᠡᠭᠰᠡᠨ ᠴᠠᠭ᠄
2021/10/11
       ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 4 ᠤ ᠴᠠᠬᠢᠯᠭᠠᠨ ᠮᠡᠳᠡᠭᠡ 10 ᠰᠠᠷ᠎ᠠ ᠶᠢᠨ 4 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠢᠰᠢᠳᠠ ᠹᠦᠮᠢᠣ᠋ ᠳᠤ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ ᠤ ᠶᠠᠫᠣᠨ ᠤ ᠲᠡᠷᠢᠭᠦᠨ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ ᠶᠠᠫᠣᠨ ᠠᠭᠤᠯᠠ ᠤᠰᠤ ᠪᠠᠷ ᠢᠶᠠᠨ ᠵᠠᠯᠭᠠᠯᠳᠤᠵᠤ ᠪᠤᠢ᠂ ᠳᠤᠮᠳᠠᠳᠤ ᠶᠠᠫᠣᠨ ᠤ ᠡᠶᠡᠯᠳᠡᠭ ᠬᠥᠷᠰᠢ ᠶᠢᠨ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠬᠥᠭᠵᠢᠭᠦᠯᠬᠦ ᠨᠢ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠬᠦ ᠪᠥᠭᠡᠳ ᠠᠽᠢᠶ᠎ᠠ ᠲᠢᠪ ᠪᠣᠯᠤᠨ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠠᠰᠢᠭᠲᠠᠢ ᠶᠤᠮ᠃ ᠳᠤᠮᠳᠠᠳᠤ ᠶᠠᠫᠣᠨ ᠬᠤᠶᠠᠷ ᠲᠠᠯ᠎ᠠ ᠪᠠᠷ ᠢᠶᠠᠨ ᠳᠤᠮᠳᠠᠳᠤ ᠶᠠᠫᠣᠨ ᠤ ᠳᠥᠷᠪᠡᠨ ᠤᠯᠤᠰ ᠲᠥᠷᠥ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠡᠯ᠎ᠡ ᠵᠦᠶ᠋ᠯ ᠤᠨ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠵᠤ᠂ ᠶᠠᠷᠢᠯᠴᠠᠭ᠎ᠠ ᠤᠯᠤᠯᠴᠠᠭ᠎ᠠ ᠪᠠᠨ ᠴᠢᠩᠭᠠᠳᠬᠠᠨ᠂ ᠢᠲᠡᠭᠡᠯᠴᠡᠭᠡ ᠬᠠᠮᠲᠤᠷᠠᠯᠴᠠᠭ᠎ᠠ ᠪᠠᠨ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠᠳᠤ ᠶᠠᠫᠣᠨ ᠤ ᠬᠠᠷᠢᠯᠴᠠᠭ᠎ᠠ ᠶᠢ ᠴᠢᠷᠮᠠᠶᠢᠨ ᠪᠠᠶᠢᠭᠤᠯᠪᠠᠯ ᠵᠣᠬᠢᠨ᠎ᠠ ᠭᠡᠵᠤ ᠵᠢᠭᠠᠵᠤ ᠭᠠᠷᠭᠠᠪᠠ᠃       ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠠᠬᠢᠯᠭᠠᠨ ᠴᠢᠮᠡᠭᠡ ᠶᠠᠪᠤᠭᠤᠯᠵᠤ᠂ ᠺᠢᠰᠢᠳᠠ ᠹᠦᠮᠢᠣ᠋ ᠶᠢᠨ ᠶᠠᠫᠣᠨ ᠤ ᠲᠡᠷᠢᠭᠦᠨ ᠰᠠᠶᠢᠳ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ᠂ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠠᠨ ᠬᠠᠮᠠᠭᠠᠯᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠬᠤᠶᠠᠷ ᠤᠯᠤᠰ ᠤᠨ ᠬᠠᠷᠢᠯᠴᠠᠭ᠎ᠠ ᠶᠢᠨ ᠵᠥᠪ ᠵᠠᠮ ᠢᠶᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠢᠷᠡᠬᠦ ᠵᠢᠯ ᠤᠨ ᠳᠤᠮᠳᠠᠳᠤ ᠶᠠᠫᠣᠨ ᠤ ᠬᠠᠷᠢᠯᠴᠠᠭ᠎ᠠ ᠬᠡᠪ ᠤᠨ ᠪᠣᠯᠤᠭᠰᠠᠨ 50 ᠵᠢᠯ ᠤᠨ ᠤᠢ ᠶᠢ ᠬᠠᠮᠲᠤ ᠪᠠᠷ ᠤᠭᠲᠤᠪᠠᠯ ᠵᠣᠬᠢᠨ᠎ᠠ ᠭᠡᠵᠦ ᠢᠯᠡᠳᠬᠡᠪᠡ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号