ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ 9 ᠤ ᠡᠳᠦᠷ ᠤᠨ ᠦᠳᠡ ᠶᠢᠨ ᠡᠮᠦᠨ᠎ᠡ ᠪᠡᠭᠡᠵᠢᠩ ᠳᠤ ᠶᠠᠪᠤᠭᠳᠠᠨ᠎ᠠ ᠰᠢ ᠶᠢᠨ ᠫᠢᠩ ᠶᠡᠭᠡ ᠬᠤᠷᠠᠯ ᠳᠤ ᠤᠷᠤᠯᠴᠠᠬᠤ ᠪᠦᠬᠡᠳ ᠴᠢᠬᠤᠯᠠ ᠶᠠᠷᠢᠶ᠎ᠠ ᠳᠠᠯᠪᠢᠨ᠎ᠡ
ᠨᠡᠶᠢᠲᠡᠯᠡᠭᠰᠡᠨ ᠴᠠᠭ᠄
2021/10/11
      ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 7 ᠤ ᠴᠠᠬᠢᠯᠭᠠᠨ ᠮᠡᠳᠡᠭᠡ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ 9 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠨ᠎ᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠤ ᠪᠥᠭᠡᠳ ᠴᠢᠬᠤᠯᠠ ᠶᠠᠷᠢᠶ᠎ᠠ ᠲᠠᠯᠪᠢᠨ᠎ᠠ᠃ ᠲᠤᠬᠠᠶ ᠶᠢᠨ ᠦᠶ᠎ᠡ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠰᠢᠨᠬᠤᠸᠠ ᠰᠦᠯᠵᠢᠶ᠎ᠡ ᠠᠴᠠ ᠶᠡᠭᠡ ᠬᠤᠷᠠᠯ ᠢ ᠰᠢᠭᠤᠳ ᠨᠡᠪᠲᠡᠷᠡᠭᠦᠯᠵᠦ᠂ ᠠᠷᠠᠳ ᠤᠨ ᠰᠦᠯᠵᠢᠶ᠎ᠡ᠂ ᠲᠥᠪ ᠲᠧᠯᠸᠢᠰ ᠤᠨ ᠰᠦᠯᠵᠢᠶ᠎ᠡ᠂ ᠳᠤᠮᠳᠠᠳᠤ ᠤᠯᠤᠰ ᠤᠨ ᠰᠦᠯᠵᠢᠶ᠎ᠡ ᠵᠡᠷᠭᠡ ᠲᠥᠪ ᠤᠨ ᠭᠤᠤᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ ᠪᠣᠯᠤᠨ ᠠᠷᠠᠳ ᠤᠨ ᠡᠳᠦᠷ ᠤᠨ ᠰᠣᠨᠢᠨ ᠤ ᠰᠢᠯᠵᠢᠶ᠎ᠡ᠂ ᠰᠢᠨᠬᠤᠸᠠ ᠬᠤᠷᠢᠶᠠᠨ ᠤ ᠰᠢᠯᠵᠢᠶ᠎ᠡ᠂ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠵᠢᠯ ᠠᠯᠬᠤᠮ ᠢᠶᠠᠷ ᠳᠠᠮᠵᠢᠭᠤᠯᠤᠨ ᠨᠡᠪᠲᠡᠷᠡᠭᠦᠯᠬᠦ ᠪᠣᠯᠤᠨ᠎ᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号