ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢᠨ ᠴᠢᠭ ᠤᠯᠤᠰ ᠤᠨ  ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ︽ᠬᠤᠤᠰ ᠰᠢᠯᠢᠳᠡᠭ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2021/10/12
     ᠣᠶᠢᠷ᠎ᠠ ᠳᠤ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ ᠤᠨ ᠬᠢᠩᠭᠠᠨ ᠠᠶᠢᠮᠠᠭ ᠵᠢᠴᠢ ᠣᠶᠤᠨᠴᠢ ᠬᠢᠨᠠᠨ ᠡᠵᠡᠮᠰᠢᠯ ᠤᠨ ᠵᠢᠱᠢᠶ᠎ᠡ ᠦᠵᠡᠭᠦᠯᠬᠦ‍ ᠴᠢᠭ ᠤᠨ ᠤᠯᠠᠭᠠᠨᠴᠠᠪ ᠬᠤᠲᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠳᠤ ᠴᠥᠮ ︽ᠰᠢᠯᠢᠳᠡᠭ︾ ᠢᠶᠠᠷ ᠦᠨᠡᠯᠡᠭᠳᠡᠪᠡ᠃ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠠᠴᠠ ᠵᠠᠬᠢᠳᠠᠯ ᠢᠷᠡᠭᠦᠯᠵᠦ ᠨᠤᠲᠠᠯᠠᠭᠰᠠᠨ ᠨᠢ᠄ ︽ᠬᠢᠩᠭᠠᠨ ᠠᠶᠢᠮᠠᠭ ᠤᠨ ᠬᠢᠨ ᠡᠩᠨᠡᠭᠡᠨ ᠤ ᠪᠠᠶᠢᠭᠤᠯᠤᠯᠲᠠ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠭᠤᠷᠪᠠᠳᠠᠬᠢ ᠡᠲᠡᠭᠡᠳ ᠢ ᠣᠷᠣᠭᠤᠯᠬᠤ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠪᠦᠬᠦ ᠤᠯᠤᠰ ᠤᠨ ᠬᠡᠪᠴᠢᠶᠡᠨ ᠳᠤ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠤᠨ ᠥᠭᠡᠷᠡᠴᠢᠯᠡᠯᠲᠡ ᠶᠢ ᠳᠡᠯᠭᠡᠷᠡᠭᠦᠯᠬᠦ ᠳᠤ ᠪᠠᠶᠠᠯᠢᠭ ᠲᠤᠷᠰᠢᠯᠭ᠎ᠠ ᠬᠤᠷᠠᠮᠳᠤᠭᠤᠯᠵᠠᠢ︔ ᠤᠯᠠᠭᠠᠨᠴᠠᠪ ᠬᠤᠲᠠ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠬᠡᠷᠡᠭ ᠤᠨ ᠡᠮᠦᠨᠡᠬᠢ ᠪᠠ ᠬᠡᠷᠡᠭ ᠤᠨ ᠳᠤᠮᠳᠠᠬᠢ ᠬᠢᠨᠠᠨ ᠡᠵᠡᠮᠳᠡᠬᠦ ᠰᠢᠰᠲ᠋ᠧᠮ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠲᠣᠰ ᠪᠡᠶ᠎ᠡ ᠶᠢᠨ ᠣᠨᠣᠰᠢᠯᠠᠨ ᠡᠮᠨᠡᠬᠦ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠶᠢ ᠵᠣᠷᠢᠭᠵᠢᠭᠤᠯᠬᠤ ᠲᠠᠯ᠎ᠠ ᠪᠠᠷ ᠬᠢ ᠬᠠᠶᠢᠨ ᠰᠥᠪᠡᠭᠴᠢᠯᠡᠯᠲᠡ ᠨᠢ ᠵᠣᠬᠢᠬᠤ ᠬᠡᠮᠵᠢᠶᠡᠨ ᠤ ᠯᠠᠪᠯᠠᠯᠲᠠ ᠪᠣᠯᠬᠤ ᠠᠴᠢ ᠬᠤᠯᠪᠣᠭᠳᠠᠯ ᠲᠠᠢ ᠶᠤᠮ︾ ᠭᠡᠵᠡᠶ᠃
     ᠬᠤᠶᠠᠷ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠲᠤᠷᠰᠢᠯᠲᠠ ᠶᠢᠨ ᠴᠢᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠪᠠᠶᠢᠷᠢᠨ ᠳᠤ ᠠᠬᠢᠭᠤᠯᠤᠨ᠂ ᠡᠮᠦᠨ᠎ᠡ ᠨᠢ ᠵᠢᠯᠣᠭᠤᠳᠴᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠯᠠᠪᠳᠠᠭᠤᠨ ᠢᠶᠠᠷ ᠠᠬᠢᠭᠤᠯᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠲᠤᠷᠰᠢᠯᠲᠠ ᠪᠠ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ‍ ᠴᠢᠭ ᠢᠶᠠᠷ ᠭᠠᠷᠳᠠᠴᠠ ᠪᠣᠯᠭᠠᠵᠤ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠪᠠ᠃
     ᠬᠢᠩᠭᠠᠨ ᠠᠶᠢᠮᠠᠭ ᠤᠨ ᠬᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠢᠮᠠᠭᠲᠠ ᠲᠡᠷᠢᠭᠦᠨ ᠴᠢᠬᠤᠯᠠ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ︽ᠭᠤᠷᠪᠠ ᠶᠢ ᠪᠣᠳᠠᠲᠠᠶᠢᠵᠢᠭᠤᠯᠬᠤ︾ ᠶᠢ ᠪᠠᠷᠢᠮᠲᠠᠯᠠᠵᠤ᠂ ︽ᠭᠤᠷᠪᠠᠨ ᠴᠢᠳᠠᠪᠤᠷᠢ︾ ᠶᠢ ᠰᠠᠶᠢᠲᠤᠷ ᠠᠳᠬᠤᠵᠤ᠂ ︽ᠭᠤᠷᠪᠠᠨ ᠭᠤᠷᠪᠠᠳᠤᠭᠠᠷ ᠡᠲᠡᠭᠡᠳ︾ ᠢ ᠠᠮᠢᠳᠤᠯᠢᠭ ᠢᠶᠠᠷ ᠬᠡᠷᠡᠭᠯᠡᠵᠦ᠂ ︽ᠭᠤᠷᠪᠠᠨ ᠵᠦᠢᠯ ᠤᠨ ᠲᠦᠷᠢᠮ︾ ᠢ ᠪᠠᠶᠢᠭᠤᠯᠵᠤ᠂ ᠰᠠᠭᠤᠷᠢ ᠮᠥᠩᠭᠦᠨ ᠤ ᠠᠮᠤᠷ ᠲᠦᠪᠰᠢᠨ ᠤ ᠲᠣᠣᠷ ᠢ ᠲᠠᠰᠤᠷᠠᠯᠳᠡ ᠦᠭᠡᠢ ᠪᠠᠬᠢᠵᠢᠭᠦᠯᠪᠡ᠃ ᠠᠶᠢᠮᠠᠭ ᠤᠨ ᠲᠣᠰ ᠱᠠᠲᠤᠨ ᠳᠤ ︽ᠬᠢᠩᠭᠠᠨ ᠠᠶᠢᠮᠠᠭ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠪ︾ ᠢ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠲᠠ ᠠᠳᠠᠯᠢ ᠪᠤᠰᠤ ᠬᠡᠯᠪᠡᠷᠢ ᠪᠠᠷ ᠬᠢᠨᠠᠨ ᠬᠠᠮᠢᠶᠠᠷᠬᠤ ᠪᠠᠶᠢᠭᠤᠯᠤᠮᠵᠢ ᠪᠠᠶᠢᠭᠤᠯᠪᠠ︔ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠤᠷᠢᠳᠠᠪᠠᠷ ᠤᠷᠢᠵᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠭᠤᠷᠪᠠᠳᠠᠬᠢ ᠡᠲᠡᠭᠡᠳ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠪᠠ︔ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠤᠷᠢᠵᠤ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠪᠣᠯᠭᠠᠵᠤ᠂ ︽ᠬᠡᠷᠡᠭ ᠤᠨ ᠡᠮᠦᠨ᠎ᠡ ᠠᠶᠤᠯ ᠲᠦᠭᠰᠢᠭᠦᠷᠢ ᠶᠢ ᠦᠨᠡᠯᠡᠬᠦ᠂ ᠬᠡᠷᠡᠭ ᠤᠨ ᠳᠤᠮᠳᠠ ᠵᠢᠷᠤᠮᠵᠢᠭᠤᠯᠤᠨ ᠵᠢᠯᠣᠭᠤᠳᠬᠤ᠂ ᠬᠡᠷᠡᠭ ᠤᠨ ᠳᠠᠷᠠᠭ᠎ᠠ ᠬᠠᠤᠯᠢ ᠶᠣᠰᠣᠭᠠᠷ ᠬᠢᠨᠠᠨ ᠪᠠᠶᠢᠴᠠᠭᠠᠬᠤ︾ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢᠵᠢᠯ ᠤᠨ ᠵᠠᠮ ᠢᠶᠠᠷ ᠯᠠᠪᠳᠠᠭᠤᠨ ᠲᠣᠭᠲᠠᠭᠤᠨ ᠢᠶᠠᠷ ᠶᠠᠪᠤᠭᠳᠠᠭᠤᠯᠬᠤ ᠶᠢ ᠠᠬᠢᠭᠤᠯᠪᠠ᠃
     ᠤᠯᠠᠭᠠᠨᠴᠠᠪ ᠬᠤᠲᠠ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠤᠨ ︽ᠬᠤᠶᠠᠷ ᠬᠦᠷᠳᠦ ᠪᠠᠷ ᠬᠥᠳᠡᠯᠭᠡᠬᠦ᠂ ᠨᠢᠭᠡ ᠴᠤᠭᠴᠠᠵᠢᠭᠤᠯᠤᠨ ᠠᠬᠢᠭᠤᠯᠬᠤ︾ ᠣᠶᠤᠨᠴᠢᠯᠠᠭᠰᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠲᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ᠂ ᠰᠢᠰᠲ᠋ᠧᠮ ᠤᠨ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠠᠬᠢᠯᠲᠠ ᠲᠠᠢ ᠪᠣᠯᠪᠠ᠃ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ ᠡᠮᠴᠢᠯᠡᠭᠡᠨ ᠤ  ᠪᠠᠳᠤᠯᠠᠭ᠎ᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠤᠯᠭᠠᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠳ᠋ ᠤᠨ ᠵᠠᠰᠠᠭ᠂ ᠬᠢᠨᠠᠨ ᠪᠤᠳᠤᠯᠳᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠦ᠂ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ ᠴᠢᠭ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠬᠥᠮᠦᠵᠢᠯ ᠤᠨ ᠲᠥᠰᠦᠯ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠥᠰᠦᠯ᠂ ᠬᠡᠷᠡᠭᠯᠡᠭᠡᠨ ᠤ ᠦᠷ᠎ᠡ ᠪᠦᠲᠦᠮᠵᠢ ᠶᠢ ᠦᠨᠡᠯᠡᠨ ᠵᠢᠱᠢᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠡᠯ᠎ᠡ ᠵᠦᠢᠯ ᠤᠨ ᠲᠦᠷᠢᠮ ᠢ ᠪᠥᠬᠦ ᠲᠠᠯ᠎ᠠ ᠪᠠᠷ ᠲᠤᠤᠱᠯᠠᠭᠤᠯᠤᠨ  ᠨᠠᠶᠢᠳᠠᠪᠦᠷᠢᠵᠢᠭᠤᠯᠪᠠ᠃ ᠣᠶᠤᠨᠯᠢᠭ ᠬᠢᠨᠠᠨ ᠡᠵᠡᠮᠳᠡᠯ ᠢ ᠨᠡᠶᠢᠳᠡᠮ ᠬᠡᠷᠡᠭᠵᠢᠭᠦᠯᠬᠦ ᠶᠢ ᠳᠥᠯᠭᠢᠨ ᠠᠬᠢᠭᠤᠯᠵᠤ᠂ ᠣᠳᠣᠬᠠᠨ ᠳᠤ ᠨᠢᠭᠡᠨᠲᠡ ᠡᠮᠨᠡᠯᠭᠡ ᠳᠤ  ᠰᠠᠭᠤᠬᠤ ᠶᠢ ᠨᠡᠪᠲᠡᠷᠡᠭᠦᠯᠦᠭᠰᠡᠨ 106 ᠡᠮᠴᠢᠯᠡᠭᠡᠨ ᠤ ᠪᠠᠶᠢᠭᠤᠯᠤᠮᠵᠢ ᠶᠢ ᠴᠥᠮ ᠣᠶᠤᠨᠯᠢᠭ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠪᠥᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ 24 ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠳᠠᠭᠠᠳᠬᠠᠯ ᠤᠨ ᠣᠶᠤᠨᠯᠢᠭ ᠬᠢᠨᠠᠨ ᠡᠵᠡᠮᠳᠡᠯ ᠤᠨ ᠬᠡᠷᠡᠭ ᠤᠨ ᠡᠮᠦᠨ᠎ᠡ᠂ ᠬᠡᠷᠡᠭ ᠤᠨ ᠳᠤᠮᠳᠠ ᠪᠦᠬᠦᠨ ᠢ ᠬᠠᠮᠤᠷᠬᠤ ᠶᠢ ᠪᠡᠶᠡᠯᠡᠭᠦᠯᠵᠦ᠂ 11 ᠬᠤᠰᠢᠭᠤ ᠰᠢᠶᠠᠨ ᠬᠤᠲᠠ ᠲᠣᠭᠤᠷᠢᠭ ᠤᠨ 1000 ᠭᠠᠷᠤᠶ ᠲᠣᠭᠲᠠᠮᠠᠯ ᠴᠢᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮ ᠲᠠᠩ ᠢ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠣᠶᠤᠨᠴᠢᠯᠠᠭᠰᠠᠨ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃
     ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠲᠤᠷᠰᠢᠯᠲᠠ ᠶᠢᠨ ᠭᠠᠵᠠᠷ ᠣᠷᠣᠨ ᠳᠤ  ᠴᠢᠭ ᠢᠶᠠᠷ ᠨᠡᠶᠢᠳᠡᠮ ᠢ ᠳᠠᠶᠢᠴᠢᠯᠠᠵᠤ᠂ ᠯᠠᠪᠯᠠᠯᠲᠠ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ᠂ ᠵᠠᠭᠪᠤᠷ ᠪᠠ ᠪᠠᠷᠢᠮᠵᠢᠶ᠎ᠠ ᠶᠢ ᠪᠣᠶ ᠪᠣᠯᠭᠠᠵᠤ᠂ ᠵᠠᠮ ᠨᠡᠭᠡᠭᠡᠨ ᠤᠷᠤᠭᠰᠢᠯᠠᠵᠤ᠂ ︽ᠬᠥᠨᠳᠡᠯᠡᠨ ᠢᠶᠠᠷ ᠬᠢᠵᠠᠭᠠᠷ ᠣᠷᠣᠨ ᠳᠤ ᠬᠦᠷᠭᠡᠬᠦ᠂ ᠭᠤᠯᠳᠤ ᠪᠠᠷ ᠡᠴᠦᠰ ᠲᠤᠨᠢ ᠲᠤᠯᠭᠠᠬᠤ︾ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢᠵᠢᠭᠤᠯᠬᠤ᠂ ᠲᠤᠰᠬᠠᠶᠢᠵᠢᠭᠤᠯᠬᠤ᠂ ᠵᠢᠷᠤᠮᠵᠢᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠳᠠᠬᠢᠨ ᠰᠢᠨ᠎ᠡ ᠭᠠᠪᠢᠶ᠎ᠠ  ᠵᠢᠳᠬᠦᠯ ᠦᠵᠡᠭᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号