ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠲᠥᠪᠯᠡᠷᠡᠭᠦᠯᠦᠨ ᠰᠦᠯᠵᠢᠶᠡᠨ ᠳᠤ ᠣᠷᠣᠭᠤᠯᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/13
     ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 211 ᠳ᠋ᠤᠭᠡᠷ ᠲᠣᠭᠠᠲᠤ ᠬᠤᠯᠪᠣᠭᠳᠠᠯ ᠪᠦᠬᠦᠢ ᠨᠢᠭᠡᠴᠢ ᠨᠦᠭᠦᠳ᠄      ︽ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠲᠤᠷᠰᠢᠯᠲᠠ ᠶᠢᠨ ᠴᠢᠭ ᠤᠨ ᠠᠵᠢᠯ ᠢ ᠳᠠᠭᠤᠰᠬᠠᠬᠤ ᠲᠤᠬᠠᠶ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠵᠠᠷ︾ ︵2021 ᠣᠨ ᠤ 22 ᠳ᠋ᠤᠭᠠᠷ ᠲᠣᠭᠠᠲᠤ︶ ᠪᠠ ︽ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈ 28 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠤᠰᠠᠳᠠ᠂ ᠡᠳᠦᠭᠡ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠢ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠠᠵᠢᠯ ᠢ ᠥᠷᠨᠢᠭᠦᠯᠬᠦ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠮᠡᠳᠡᠭᠦᠯᠬᠦ ᠬᠡᠪᠴᠢᠶ᠎ᠡ      ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠨᠲᠡ ᠤᠯᠤᠰ ᠤᠨ ᠡᠮ ᠲᠠᠩ ᠤᠨ ᠪᠠᠷᠢᠮᠵᠢᠶ᠎ᠠ ᠳᠤ ᠨᠡᠶᠢᠲᠡᠯᠡᠭᠰᠡᠨ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ︵ᠳᠠᠭᠠᠯᠳᠤᠭᠤᠯᠤᠯ 1 ᠢ ᠦᠵᠡ︶᠃      ᠬᠤᠶᠠᠷ᠂ ᠮᠡᠳᠡᠭᠦᠯᠬᠦ ᠭᠤᠤᠯ ᠴᠣᠭᠴᠠ      ᠮᠡᠳᠡᠭᠦᠯᠬᠦ ᠭᠤᠤᠯ ᠴᠣᠭᠴᠠ ᠨᠢ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠨ᠎ᠠ᠃ ᠡᠮ ᠲᠠᠩ ᠢ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠢ ᠡᠵᠡᠮᠰᠢᠭᠴᠢ᠂ ᠵᠠᠬ᠎ᠠ ᠳᠡᠯᠭᠡᠭᠦᠷ ᠲᠤ ᠭᠠᠷᠭᠠᠬᠤ ᠵᠥᠪᠰᠢᠶᠡᠷᠡᠯ ᠢ ᠡᠵᠡᠮᠰᠢᠭᠴᠢ ᠶᠢᠨ ᠵᠢᠭᠠᠨ ᠲᠣᠭᠲᠠᠭᠠᠭᠰᠠᠨ ᠳᠠᠭᠠᠭᠠᠴᠢᠯᠠᠯᠲᠠ ᠳᠤ ᠣᠷᠣᠯᠴᠠᠬᠤ ᠪᠡᠶᠡᠴᠢ ᠴᠣᠭᠴᠠ᠂ ᠦᠢᠯᠡᠳᠪᠦᠷᠢᠯᠡᠬᠦ ᠠᠵᠤ ᠠᠬᠤᠶᠢᠯᠠᠯ ᠤᠨ ᠪᠠᠶᠢᠭᠤᠯᠤᠭᠰᠠᠨ ᠵᠥᠪᠬᠡᠨ ᠲᠤᠰ ᠺᠣᠮᠫᠠᠨᠢ ᠶᠢᠨ ᠡᠮ ᠲᠠᠩ ᠢ ᠪᠣᠷᠣᠯᠠᠭᠤᠯᠬᠤ ᠬᠤᠳᠠᠯᠳᠤᠭᠠᠨ ᠤ ᠺᠣᠮᠫᠠᠨᠢ ᠶᠢ ᠦᠢᠯᠡᠳᠪᠦᠷᠢᠯᠡᠬᠦ ᠠᠵᠤ ᠠᠬᠤᠶᠢᠯᠠᠯ ᠲᠠᠢ ᠠᠳᠠᠯᠢ ᠪᠠᠷ ᠦᠵᠡᠨ᠎ᠡ᠃      ᠭᠤᠷᠪᠠ᠂ ᠮᠡᠳᠡᠭᠦᠯᠬᠦ ᠴᠤᠪᠤᠷᠠᠯ      ︵ᠨᠢᠭᠡ︶ ᠬᠡᠷᠡᠭᠯᠡᠭᠴᠢ ᠶᠢᠨ ᠨᠡᠷ᠎ᠡ ᠪᠣᠯᠤᠨ ᠨᠢᠭᠤᠴᠠ ᠨᠣᠮᠧᠷ ᠢᠶᠠᠨ ᠭᠤᠶᠤᠴᠢᠯᠠᠨ ᠠᠪᠬᠤ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ︾ — ︽ᠠᠵᠤ ᠠᠬᠤᠶᠢᠯᠠᠯ ᠢ ᠳᠡᠩᠰᠡᠯᠡᠵᠦ ᠣᠷᠣᠭᠤᠯᠬᠤ︾ — ᠢᠶᠠᠷ ᠳᠠᠮᠵᠢᠭᠤᠯᠤᠨ ᠳᠠᠩᠰᠠᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠠᠪᠬᠤ ᠨᠠᠶᠢᠳᠠᠯᠭ᠎ᠠ ᠶᠢᠨ ᠵᠠᠬᠢᠳᠠᠯ ︵ᠳᠠᠭᠠᠯᠳᠤᠭᠤᠯᠤᠯ 2 ᠢ ᠦᠵᠡ︶᠂ ᠡᠮ ᠲᠠᠩ ᠦᠢᠯᠡᠳᠪᠦᠷᠢᠯᠡᠬᠦ ︵ᠡᠵᠡᠩᠨᠡᠬᠦ︶ ᠶᠢᠨ ᠵᠥᠪᠰᠢᠶᠡᠷᠡᠯ ᠤᠨ ᠦᠨᠡᠮᠯᠡᠯ ︵ᠬᠠᠭᠤᠯᠪᠤᠷᠢ ᠳᠡᠪᠲᠡᠷ︶ ᠪᠣᠯᠤᠨ ᠡᠵᠡᠩᠨᠡᠯᠲᠡ ᠶᠢᠨ ᠦᠨᠡᠮᠯᠡᠯ ︵ᠬᠠᠭᠤᠯᠪᠤᠷᠢ ᠳᠡᠪᠲᠡᠷ︶ ᠤᠨ ᠰᠢᠷᠪᠢᠯᠲᠡ ᠶᠢᠨ ᠵᠦᠢᠯ ᠢ ᠲᠤᠰᠢᠶᠠᠨ᠎ᠠ᠃      ︵ᠬᠤᠶᠠᠷ︶  ᠮᠠᠲ᠋ᠧᠷᠢᠶᠠᠯ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠬᠦᠷᠭᠡᠬᠦ᠃      1᠂ ᠮᠡᠳᠡᠭᠦᠯᠬᠦ ᠡᠮ ᠲᠠᠩ ᠤᠨ ᠦᠨᠳᠦᠰᠦᠨ ᠮᠡᠳᠡᠭᠡ ᠵᠠᠩᠭᠢ ᠶᠢᠨ ᠬᠤᠷᠢᠶᠠᠩᠭᠤᠶ ᠬᠦᠰᠦᠨᠦᠭᠲᠦ ᠶᠢ ᠲᠠᠭᠯᠠᠨ ᠪᠢᠴᠢᠨ᠎ᠡ ︵ᠳᠠᠭᠠᠯᠳᠤᠭᠤᠯᠤᠯ 3 ᠶᠢ ᠦᠵᠡ︶ ᠶᠢ ᠵᠢᠭᠠᠨ ᠲᠣᠭᠲᠠᠭᠠᠭᠰᠠᠨ ᠰᠢᠤᠳᠠᠨ ᠤ ᠬᠠᠶᠢᠷᠴᠠᠭ ︵nmgypcg@vip.163.com ᠲᠤ ᠢᠯᠡᠭᠡᠨ᠎ᠡ        2᠂ ᠦᠳᠡᠵᠦ ᠳᠡᠪᠲᠡᠷᠯᠡᠬᠦ᠂ ᠲᠤᠬᠠᠶ ᠶᠢᠨ ᠭᠠᠵᠠᠷ ᠲᠤᠨᠢ ᠡᠮ ᠲᠠᠩ ᠤᠨ ᠬᠢᠷᠢ ᠴᠢᠳᠠᠮᠵᠢ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ  ᠁︵ᠳᠠᠭᠠᠯᠳᠤᠭᠤᠯᠤᠯ 4 ᠳᠤ ᠦᠵᠡ︶ ᠪᠠ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠡᠳᠡᠭᠦᠯᠦᠨ ᠳᠠᠩᠰᠠᠯᠠᠭᠤᠯᠬᠤ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠲᠤᠬᠠᠶ ᠶᠢᠨ ᠭᠠᠵᠠᠷ ᠲᠤᠨᠢ ᠮᠡᠳᠡᠭᠦᠯᠦᠨ ᠬᠦᠷᠭᠡᠨ᠎ᠡ ︵ᠳᠠᠭᠠᠯᠳᠤᠭᠤᠯᠤᠯ 5 ᠳᠤ ᠦᠵᠡ︶᠃      ᠳᠥᠷᠪᠡ᠂ ᠢᠯᠡ ᠨᠡᠶᠢᠲᠡᠯᠡᠬᠦ      ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠠᠮᠵᠢᠭᠤᠯᠤᠨ ᠢᠯᠡ ᠨᠡᠶᠢᠲᠡᠯᠡᠵᠦ᠂ ᠢᠯᠡ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠣᠯ ᠵᠢᠩᠬᠢᠨᠢ ᠪᠠᠷ ᠨᠡᠶᠢᠲᠡᠯᠡᠬᠦ ᠶᠢᠨ ᠬᠠᠮᠲᠤ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠤᠨ᠎ᠠ᠃      ᠲᠠᠪᠤ᠂ ᠴᠠᠭ ᠤᠨ ᠲᠣᠬᠢᠷᠠᠭᠤᠯᠤᠯᠲᠠ      ︵ᠨᠢᠭᠡ︶ ᠬᠡᠷᠡᠭᠯᠡᠭᠴᠢ ᠶᠢᠨ ᠨᠡᠷ᠎ᠡ ᠶᠢᠨ ᠨᠢᠭᠤᠴᠠ ᠨᠣᠮᠧᠷ ᠢ ᠭᠤᠶᠤᠴᠢᠯᠠᠨ ᠠᠪᠬᠤ᠄ 10 ᠳ᠋ᠤᠭᠠᠷ ᠰᠠᠷ᠎ᠠ ᠶᠢᠨ 12 ᠤᠨ ᠡᠳᠦᠷ ᠠᠴᠠ 10 ᠳ᠋ᠤᠭᠠᠷ ᠰᠠᠷ᠎ᠠ ᠶᠢᠨ 15 ᠤ ᠡᠳᠦᠷ᠃      ︵ᠬᠤᠶᠠᠷ︶ ᠡᠮ ᠲᠠᠩ ᠤᠨ ᠬᠤᠷᠢᠶᠠᠩᠭᠤᠶᠢᠯᠠᠭᠰᠠᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠄ 10 ᠳ᠋ᠤᠭᠠᠷ ᠰᠠᠷ᠎ᠠ ᠶᠢᠨ 14 ᠤ ᠡᠳᠦᠷ ᠠᠴᠠ 10 ᠳ᠋ᠤᠭᠠᠷ ᠰᠠᠷ᠎ᠠ ᠶᠢᠨ 15 ᠤ ᠡᠳᠦᠷ᠃      ︵ᠭᠤᠷᠪᠠ︶ ᠲᠤᠬᠠᠶ ᠶᠢᠨ ᠲᠠᠯᠠᠪᠠᠶ ᠳᠤ ᠮᠡᠳᠡᠭᠦᠯᠦᠨ ᠬᠦᠷᠭᠡᠬᠦ᠄ 10 ᠳ᠋ᠤᠭᠠᠷ ᠰᠠᠷ᠎ᠠ ᠶᠢᠨ 18 ᠤ ᠡᠳᠦᠷ ᠠᠴᠠ 10 ᠳ᠋ᠤᠭᠠᠷ ᠰᠠᠷ᠎ᠠ ᠶᠢᠨ 19 ᠤ ᠡᠳᠦᠷ ︵ᠦᠳᠡ ᠶᠢᠨ ᠡᠮᠦᠨᠡᠬᠢ 9᠄ 30 — 12᠄ 00︔ ᠦᠳᠡ ᠶᠢᠨ ᠬᠤᠶᠢᠨᠠᠬᠢ 14᠄ 30 — 17᠄ 00᠂ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ︵ᠬᠥᠬᠡᠬᠤᠲᠠ ᠶᠢᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 19 ᠳ᠋ᠤᠭᠡᠷ ᠨᠣᠮᠧᠷ︶᠃      ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ      ᠵᠠᠩ ᠪᠠᠭᠰᠢ 0471— 4904007 ︵ᠲᠤᠬᠠᠶᠢᠯᠠᠭᠰᠠᠨ ᠠᠵᠢᠯ ᠤᠨ ᠵᠥᠪᠯᠡᠯᠭᠡ︶      ᠭᠧ ᠪᠠᠭᠰᠢ 0471— 4908395 ︵ᠮᠡᠷᠭᠡᠵᠢᠯ ᠤᠨ ᠳᠡᠮᠵᠢᠯᠭᠡ︶      ᠳᠠᠭᠠᠯᠳᠤᠭᠤᠯᠤᠯ᠄      1᠂ ᠤᠯᠤᠰ ᠤᠨ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠡᠨᠲᠡ ᠨᠡᠶᠢᠳᠡᠯᠡᠭᠰᠡᠨ ᠤᠯᠤᠰ ᠤᠨ ᠡᠮ ᠲᠠᠩ ᠤᠨ ᠪᠠᠷᠢᠮᠵᠢᠶ᠎ᠠ ᠳᠤ ᠨᠡᠶᠢᠴᠡᠭᠰᠡᠨ 160 ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠤᠨ ᠨᠡᠷᠡᠰ      2᠂ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠠᠪᠬᠤ ᠨᠠᠶᠢᠳᠠᠯᠭ᠎ᠠ ᠶᠢᠨ ᠵᠠᠬᠢᠳᠠᠯ      3᠂ ᠡᠮ ᠲᠠᠩ ᠤᠨ ᠦᠨᠳᠦᠰᠦᠨ ᠮᠡᠳᠡᠭᠡ ᠵᠠᠩᠭᠢ ᠶᠢ ᠮᠡᠳᠡᠭᠦᠯᠬᠦ ᠬᠤᠷᠢᠶᠠᠩᠭᠤᠶ ᠬᠦᠰᠦᠨᠦᠭᠲᠦ      4᠂ ᠠᠵᠤ ᠠᠬᠤᠶᠢᠯᠠᠯ ᠤᠨ ᠬᠢᠷᠢ ᠬᠡᠮ ᠤᠨ ᠮᠠᠲ᠋ᠧᠷᠢᠶᠠᠯ ᠢᠶᠠᠨ ᠲᠤᠰᠢᠶᠠᠬᠤ ᠱᠠᠭᠠᠷᠳᠠᠯᠭ᠎ᠠ ᠵᠢᠴᠢ ᠬᠡᠪ ᠵᠠᠭᠪᠤᠷ      5᠂ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠦᠢᠯᠡᠳᠪᠦᠷᠢᠯᠡᠬᠦ ᠠᠵᠤ ᠠᠬᠤᠶᠢᠯᠠᠯ ᠤᠨ ᠨᠠᠶᠢᠳᠠᠨ ᠬᠦᠷᠭᠡᠬᠦ ᠠᠵᠤ ᠠᠬᠤᠶᠢᠯᠠᠯ ᠤᠨ ᠨᠡᠷᠡᠰ ᠵᠢᠴᠢ ᠬᠠᠮᠢᠶ᠎ᠠ ᠪᠥᠬᠦᠶ ᠵᠦᠢᠯᠡᠰ ᠢ ᠮᠡᠳᠡᠭᠦᠯᠦᠨ ᠬᠦᠷᠭᠡᠬᠦ ᠱᠠᠭᠠᠷᠳᠠᠯᠭ᠎ᠠ ᠵᠢᠴᠢ ᠥᠯᠢᠭᠡᠷ ᠬᠦᠰᠦᠨᠦᠭᠲᠦ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 10 ᠳ᠋ᠤᠭᠠᠷ ᠰᠠᠷ᠎ᠠ ᠶᠢᠨ 12  ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号