ᠰᠢ ᠶᠢᠨ ᠫᠢᠩ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠶᠡᠭᠡ ᠬᠤᠷᠠᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2021/10/13
     ᠰᠢ ᠶᠢᠨ ᠫᠢᠩ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠶᠡᠭᠡ ᠬᠤᠷᠠᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ      ᠠᠮᠢ ᠠᠬᠤᠶ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠷᠢᠮᠲᠠᠯᠠᠵᠤ ᠳᠡᠯᠡᠬᠡᠶ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠴᠣᠭᠴᠠ ᠶᠢ ᠬᠠᠮᠲᠤ ᠪᠠᠷ ᠪᠠᠶᠢᠭᠤᠯᠵᠤ ᠬᠥᠮᠦᠨ ᠲᠥᠷᠥᠯᠬᠢᠲᠡᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠡᠬᠢᠯᠡᠬᠦᠯᠰᠤᠬᠡᠢ ᠬᠡᠵᠤ ᠴᠢᠬᠤᠯᠠᠴᠢᠯᠠᠪᠠ      ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 12 ᠤᠨ ᠴᠠᠬᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 12 ᠤᠨ ᠦᠳᠡ ᠶᠢᠨ ᠬᠤᠶᠢᠨ᠎ᠠ ᠸᠢᠳᠢᠣ᠋ ᠬᠡᠯᠪᠡᠷᠢ ᠪᠠᠷ ᠺᠦᠨᠮᠢᠩ ᠳᠤ ᠶᠠᠪᠤᠭᠳᠠᠭᠰᠠᠨ ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠶᠡᠭᠡ ᠬᠤᠷᠠᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ᠃      ᠰᠢ ᠶᠢᠨ ᠫᠢᠩ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠨᠢ ᠳᠡᠯᠡᠬᠡᠢ ᠶᠢᠨ ᠪᠥᠮᠪᠥᠷᠴᠡᠭ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠭᠰᠠᠨ ᠪᠥᠭᠡᠳ ᠪᠠᠰᠠ ᠴᠤ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠶᠢᠨ ᠰᠠᠭᠤᠷᠢ ᠪᠣᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠨᠢ ᠳᠡᠯᠡᠬᠡᠶ ᠶᠢᠨ ᠪᠥᠮᠪᠥᠷᠴᠡᠭ ᠤᠨ ᠭᠡᠷ ᠣᠷᠣᠨ ᠢ ᠬᠠᠮᠠᠭᠠᠯᠠᠵᠤ᠂ ᠬᠥᠮᠦᠨ ᠲᠥᠷᠥᠯᠬᠢᠲᠡᠨ ᠤ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ᠃ ᠺᠦᠨᠮᠢᠩ ᠤᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠶᠡᠭᠡ ᠬᠤᠷᠠᠯ ᠨᠢ ᠢᠷᠡᠭᠡᠳᠦᠶ ᠶᠢᠨ ᠪᠥᠬᠦ ᠪᠥᠮᠪᠥᠷᠴᠡᠭ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠳᠤ ᠬᠠᠷᠠᠯᠲᠠ ᠶᠢ ᠲᠣᠭᠲᠠᠭᠠᠵᠤ᠂ ᠠᠷᠭ᠎ᠠ ᠵᠠᠮ ᠢ ᠲᠣᠳᠣᠷᠬᠠᠶᠢᠯᠠᠵᠤ᠂ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠳᠡᠯᠡᠬᠡᠢ ᠨᠡᠶᠢᠭᠡᠮ ᠢᠶᠠᠷ ᠢᠶᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠵᠤ᠂ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠴᠣᠭᠴᠠ ᠶᠢ ᠬᠠᠮᠲᠤ ᠪᠠᠷ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠪᠡᠯ ᠵᠤᠬᠢᠨ᠎ᠡ᠃ ᠪᠢᠳᠡ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠪᠠᠶᠢᠭᠤᠯᠬᠤ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠃ ᠰᠠᠶᠢᠨ ᠰᠠᠶᠢᠬᠠᠨ ᠠᠮᠢ ᠠᠬᠤᠢ ᠣᠷᠴᠢᠨ ᠲᠤᠭᠤᠷᠢᠨ ᠪᠣᠯ ᠪᠠᠶᠢᠭᠠᠯᠢ ᠶᠢᠨ ᠦᠪ ᠬᠦᠷᠦᠩᠬᠡ ᠪᠤᠯᠬᠤ ᠪᠠᠷ ᠪᠠᠷᠠᠬᠤ ᠦᠭᠡᠢ ᠪᠠᠰᠠ ᠴᠤ ᠠᠵᠤ ᠠᠬᠤᠢ ᠶᠢᠨ ᠦᠪ ᠬᠦᠷᠦᠩᠬᠡ ᠪᠠᠶᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯᠳᠠ ᠬᠦᠴᠦᠨ ᠪᠠ ᠨᠦᠬᠡᠴᠡ ᠬᠦᠴᠦᠨ ᠲᠠᠢ ᠬᠤᠯᠪᠣᠭᠳᠠᠵᠤ ᠪᠠᠶᠢᠳᠠᠭ᠃ ᠪᠢᠳᠡ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠦ᠂ ᠠᠵᠤ ᠠᠬᠤᠢ ᠶᠢᠨ ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ ᠠᠰᠢᠭ ᠬᠦᠷᠳᠡᠬᠦ ᠶᠢ ᠠᠬᠢᠭᠤᠯᠵᠤ᠂ ᠠᠵᠤ ᠠᠬᠤᠢ ᠪᠣᠯᠤᠨ ᠣᠷᠴᠢᠨ ᠲᠣᠭᠤᠷᠢᠨ ᠬᠠᠮᠵᠢᠯᠴᠠᠨ ᠬᠠᠮᠲᠤ ᠪᠠᠷ ᠤᠷᠤᠭᠰᠢᠯᠠᠭᠰᠠᠨ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠪᠠᠶᠢᠭᠤᠯᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠦᠬᠦ ᠪᠥᠮᠪᠥᠷᠴᠡᠭ ᠤᠨ ᠬᠥᠭᠵᠢᠯᠲᠡ ᠳᠤ ᠪᠠᠷᠠᠭᠠᠨ ᠰᠡᠭᠦᠳᠡᠷ ᠪᠦᠷᠬᠦᠬᠦᠯᠪᠡ᠃ ᠠᠵᠤ ᠠᠬᠤᠢ ᠶᠢ ᠰᠡᠷᠭᠦᠭᠡᠬᠦ ᠪᠠ ᠣᠷᠴᠢᠨ ᠲᠤᠭᠤᠷᠢᠨ ᠢ ᠬᠠᠮᠠᠭᠠᠯᠠᠬᠤ ᠳᠠᠪᠬᠤᠷ ᠡᠭᠦᠷᠭᠡ ᠶᠢᠨ ᠡᠮᠦᠨ᠎ᠡ᠂ ᠪᠢᠳᠡ ᠪᠦᠯᠬᠦᠮᠳᠡᠯ ᠢᠶᠠᠨ ᠴᠢᠩᠭᠠᠳᠬᠠᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ᠂ ᠰᠠᠶᠢᠨ ᠰᠠᠶᠢᠬᠠᠨ ᠠᠮᠢ ᠠᠬᠤᠢ ᠶᠢ ᠡᠯ᠎ᠡ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠵᠦ᠂ ᠳᠡᠯᠡᠬᠡᠢ ᠶᠢᠨ ᠡᠯ᠎ᠡ ᠤᠯᠤᠰ ᠬᠠᠮᠲᠤ ᠪᠠᠷ ᠬᠥᠭᠵᠢᠭᠰᠡᠨ ᠳᠡᠯᠡᠬᠡᠢ ᠶᠢᠨ ᠪᠥᠮᠪᠥᠷᠴᠡᠭ ᠤᠨ ᠭᠡᠷ ᠣᠷᠣᠨ ᠢ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠪᠢᠳᠡ ᠥᠷᠢᠰᠥᠯᠳᠦᠭᠡᠨ ᠢᠶᠠᠷ ᠲᠦᠬᠦᠷᠦᠭᠰᠡᠨ ᠪᠦᠭᠡᠳ ᠬᠦᠰᠡᠯ ᠡᠷᠡᠮᠡᠯᠵᠡᠯ ᠢᠶᠠᠷ ᠪᠢᠯᠬᠠᠭᠰᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠪᠢᠳᠡᠨᠤᠰ ᠤᠨ ᠬᠠᠮᠲᠤ ᠶᠢᠨ ᠢᠷᠡᠭᠡᠳᠦᠶ ᠶᠢᠨ ᠲᠥᠯᠥᠭᠡ᠂ ᠪᠢᠳᠡ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠬᠥᠮᠦᠨ ᠲᠥᠷᠥᠯᠬᠢᠲᠡᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠢ ᠡᠬᠢᠯᠡᠭᠦᠯᠬᠦ ᠬᠡᠷᠡᠭᠲᠡᠢ᠃      ᠨᠢᠭᠡ ᠳᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠬᠥᠮᠦᠨ ᠬᠢᠭᠡᠳ ᠪᠠᠶᠢᠭᠠᠯᠢ ᠶᠢᠨ ᠬᠠᠷᠢᠴᠠᠭ᠎ᠠ ᠶᠢ ᠵᠣᠬᠢᠴᠠᠭᠤᠯᠤᠶ᠎ᠡ᠃ ᠠᠵᠤ ᠦᠢᠯᠡᠳᠪᠦᠷᠢ ᠶᠢᠨ ᠪᠣᠯᠪᠠᠰᠤᠨ ᠠᠴᠠ ᠪᠣᠯᠤᠭᠰᠠᠨ ᠵᠥᠷᠢᠴᠡᠯ ᠢ ᠰᠠᠶᠢᠲᠤᠷ ᠰᠢᠢᠳᠪᠦᠷᠢᠯᠡᠵᠦ᠂ ᠬᠥᠮᠦᠨ ᠲᠥᠷᠥᠯᠬᠢᠲᠡᠨ ᠤ ᠠᠵᠢᠯᠯᠠᠭ᠎ᠠ ᠶᠢ ᠠᠮᠢ ᠠᠬᠤᠢ ᠣᠷᠴᠢᠨ ᠲᠣᠭᠤᠷᠢᠨ ᠤ ᠳᠠᠭᠠᠭᠠᠵᠤ ᠳᠡᠶᠢᠯᠬᠦ ᠬᠡᠪᠴᠢᠶᠡᠨ ᠳᠤ ᠬᠢᠵᠠᠭᠠᠷᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠬᠡᠷᠡᠭᠳᠡᠢ᠃      ᠬᠤᠶᠠᠷ ᠲᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠪᠠᠷ ᠬᠥᠳᠡᠯᠭᠡᠭᠦᠷ ᠪᠣᠯᠭᠠᠵᠤ᠂ ᠪᠦᠬᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠶ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠠᠴᠠ ᠯᠤᠲᠤ ᠶᠡᠭᠡ ᠦᠷ᠎ᠡ ᠠᠰᠢᠭ ᠤᠯᠬᠤ ᠬᠡᠷᠡᠭᠳᠡᠢ᠃ ᠪᠣᠬᠢᠷᠲᠤᠯ ᠦᠭᠡᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠬᠡᠷᠡᠭᠳᠡᠢ᠃      ᠭᠤᠷᠪᠠ ᠳᠤ᠂ ᠠᠷᠠᠳ ᠲᠦᠮᠡᠨ ᠤ ᠠᠵᠠ ᠵᠢᠷᠭᠠᠯ ᠢᠶᠠᠷ ᠭᠤᠣᠯ ᠪᠣᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠤᠶ᠎ᠠ᠃ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠰᠡᠳᠬᠢᠯ ᠲᠠᠯᠪᠢᠵᠤ᠂ ᠣᠷᠴᠢᠨ ᠲᠣᠭᠤᠷᠢᠨ ᠢ ᠬᠠᠮᠠᠭᠠᠯᠠᠬᠤ᠂ ᠠᠵᠤ ᠠᠬᠤᠢ ᠶᠢ ᠬᠥᠭᠵᠢᠭᠦᠯᠬᠦ᠂ ᠠᠵᠢᠯ ᠣᠯᠭᠤᠬᠤ ᠲᠤᠬᠢᠶᠠᠯ ᠢ ᠡᠭᠦᠳᠬᠦ᠂ ᠶᠠᠳᠠᠭᠤ ᠬᠦᠴᠢᠷᠳᠡᠯ ᠢ ᠠᠷᠢᠯᠭᠠᠬᠤ ᠵᠡᠷᠭᠡ ᠤᠯᠠᠨ ᠲᠠᠯ᠎ᠠ ᠪᠠᠷ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠡᠯ᠎ᠡ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠳᠡᠢ᠃      ᠳᠥᠷᠪᠡ ᠳᠤ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠵᠤ᠂ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠵᠠᠰᠠᠯᠲᠠ ᠶᠢᠨ ᠰᠢᠰᠲ᠋ᠧᠮ ᠢ ᠬᠠᠮᠠᠭᠠᠯᠠᠶ᠎ᠡ᠃ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠲᠦᠷᠢᠮ ᠢ ᠪᠦᠲᠦᠮᠵᠢᠲᠡᠢ ᠵᠢᠷᠤᠮᠯᠠᠨ ᠬᠡᠷᠡᠭᠵᠢᠭᠦᠯᠬᠦ ᠬᠡᠷᠡᠭᠳᠡᠢ᠃ ᠣᠷᠴᠢᠨ ᠠᠬᠤᠢ ᠶᠢ ᠬᠠᠮᠠᠭᠠᠯᠠᠬᠤ ᠰᠢᠨ᠎ᠡ ᠬᠠᠷᠠᠯᠲᠠ ᠶᠢ ᠪᠠᠶᠢᠭᠤᠯᠬᠤ ᠳᠤ ᠠᠤᠭ᠎ᠠ ᠵᠤᠷᠢᠭ ᠪᠠ ᠪᠣᠳᠠᠲᠠᠢ ᠶᠢ ᠡᠷᠬᠢᠮᠯᠡᠬᠦ ᠲᠡᠩᠴᠡᠭᠦᠷᠢ ᠶᠢ ᠬᠠᠮᠲᠤ ᠳᠤᠨᠢ ᠬᠠᠷᠠᠭᠠᠯᠵᠠᠵᠤ᠂ ᠪᠦᠬᠦ ᠲᠡᠯᠡᠭᠡᠢ ᠶᠢᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠨᠡᠩ ᠲᠥᠪ ᠭᠤᠣᠯᠴᠢ ᠵᠦᠢ ᠵᠣᠬᠢᠰᠲᠠᠢ ᠪᠣᠯᠭᠠᠬᠤ ᠬᠡᠷᠡᠭᠳᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠯᠡᠳᠲᠡ ᠠᠮᠵᠢᠯᠲᠠ ᠪᠦᠲᠦᠮᠵᠢ ᠤᠯᠪᠠ᠃ ᠳᠤᠮᠳᠠᠳᠤ ᠤᠯᠤᠰ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠳᠤᠮᠳᠠᠳᠤ ᠤᠯᠤᠰ ᠲᠦᠷᠦᠬᠦᠯᠡᠨ 15 ᠳ᠋ᠦᠩᠰᠢᠭᠤᠷ ᠲᠥᠭᠦᠷᠢᠭ ᠤᠨ ᠪᠡᠯᠡ ᠭᠠᠷᠭᠠᠵᠤ᠂ ᠺᠦᠨᠮᠢᠩ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠰᠠᠭᠤᠷᠢ ᠮᠥᠩᠭᠦ ᠶᠢ ᠪᠠᠶᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠦᠢᠯᠡᠰ ᠢ ᠲᠡᠮᠵᠢᠨ᠎ᠠ᠃ ᠡᠯ᠎ᠡ ᠲᠠᠯ᠎ᠠ ᠶᠢᠨ ᠬᠢᠨ ᠰᠠᠭᠤᠷᠢ ᠮᠥᠩᠭᠦ ᠳᠤ ᠪᠡᠯᠡ ᠤᠷᠤᠭᠤᠯᠬᠤ ᠶᠢ ᠳᠤᠮᠳᠠᠳᠤ ᠶᠢᠨ ᠲᠠᠯ᠎ᠠ ᠠᠴᠠ ᠤᠷᠢᠶᠠᠯᠠᠵᠤ ᠪᠠᠶᠢᠬᠤ ᠪᠥᠭᠡᠳ ᠪᠠᠶᠠᠷᠯᠠᠨ ᠤᠭᠲᠤᠨ᠎ᠠ ᠭᠡᠵᠦ ᠨᠡᠶᠢᠲᠡᠯᠡᠵᠠᠢ᠃      ᠰᠢ ᠶᠢᠨ ᠫᠢᠩ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠬᠤ ᠶᠢᠨ ᠲᠥᠯᠥᠭᠡ᠂ ᠳᠤᠮᠳᠠᠳᠤ ᠤᠯᠤᠰ ᠶᠠᠭ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠬᠡᠳᠬᠡᠨ ᠪᠠᠶᠢᠭᠤᠯᠵᠤ᠂ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠬᠠᠮᠤᠭ ᠤᠨ ᠴᠢᠬᠤᠯᠠ᠂ ᠪᠠᠶᠢᠭᠠᠯᠢ ᠶᠢᠨ ᠦᠵᠡᠮᠵᠢ ᠪᠠᠷ ᠬᠠᠮᠤᠭ ᠤᠨ ᠥᠪᠡᠷᠮᠢᠴᠡ ᠤᠨᠴᠠᠭᠠᠢ᠂ ᠪᠠᠶᠢᠭᠠᠯᠢ ᠶᠢᠨ ᠥᠪ ᠬᠠᠮᠤᠭ ᠤᠨ ᠰᠣᠳᠣᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠶᠠᠷ ᠬᠠᠮᠤᠭ ᠤᠨ ᠪᠠᠶᠠᠯᠢᠭ ᠣᠷᠣᠨ ᠪᠦᠰᠡ ᠶᠢ ᠠᠭᠠᠵᠢᠮ ᠢᠶᠠᠷ ᠤᠯᠤᠰ ᠤᠨ ᠴᠡᠴᠡᠷᠯᠢᠭ ᠤᠨ ᠰᠢᠰᠲ᠋ᠧᠮ ᠳᠤ ᠣᠷᠣᠭᠤᠯᠬᠤ ᠪᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠤᠨ ᠠᠵᠢᠯ ᠲᠦᠷᠦᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠶᠢ ᠬᠡᠷᠡᠭᠵᠢᠭᠦᠯᠬᠦ ᠲᠥᠰᠦᠯ ᠪᠣᠯᠤᠨ ᠠᠯᠢ ᠤᠯᠠᠨ ᠲᠤᠯᠭᠠᠭᠤᠷᠢᠯᠠᠵᠤ ᠪᠠᠲᠤᠯᠠᠬᠤ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ  ᠰᠠᠭᠠᠷᠮᠠᠭᠵᠢᠭᠤᠯᠬᠤ ᠶᠢᠨ ︽1 + N︾ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠬᠤ ᠪᠤᠯᠤᠨ᠎ᠠ᠃ ᠳᠤᠮᠳᠠᠳᠤ ᠤᠯᠤᠰ ᠠᠵᠤ ᠦᠢᠯᠡᠰ ᠤᠨ ᠪᠦᠲᠦᠴᠡ ᠪᠣᠯᠤᠨ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢ ᠶᠡᠭᠡ ᠪᠠᠷ ᠬᠥᠭᠵᠢᠭᠦᠯᠵᠦ᠂ ᠡᠯᠡᠰᠦ ᠮᠠᠩᠬ᠎ᠠ᠂ ᠭᠤᠪᠢ ᠴᠦᠯᠯᠡᠷᠭᠡᠭ ᠭᠠᠵᠠᠷ ᠣᠷᠣᠨ ᠳᠤ ᠲᠣᠮᠤ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠪᠠ ᠬᠡᠷᠡᠯᠴᠢ ᠴᠡᠨᠡᠭ ᠤᠨ ᠰᠠᠭᠤᠷᠢᠨ ᠤ ᠲᠥᠷᠥᠯ ᠵᠦᠢᠯ ᠢ ᠲᠦᠷᠭᠡᠳᠬᠡᠨ ᠲᠥᠯᠥᠪᠵᠢᠭᠦᠯᠦᠨ ᠪᠥᠲᠥᠭᠡᠨ ᠪᠠᠶᠢᠭᠤᠯᠬᠤ ᠪᠤᠯᠤᠨ᠎ᠠ ᠭᠡᠵᠦ ᠵᠢᠭᠠᠵᠦ ᠭᠠᠷᠭᠠᠪᠠ᠃      ᠰᠢ ᠶᠢᠨ ᠫᠢᠩ ᠬᠠᠮᠤᠭ ᠤᠨ ᠡᠴᠤᠰ ᠲᠤ᠂ ᠬᠥᠮᠦᠰ ᠬᠥᠬᠡᠮᠳᠦᠭ ᠠᠭᠤᠯᠠ ᠪᠠᠨ ᠬᠥᠰᠡᠷᠳᠡᠭᠦᠯᠬᠦ ᠦᠭᠡᠢ ᠶᠤᠮ ᠪᠤᠯ᠂ ᠬᠥᠬᠡᠮᠳᠦᠭ ᠠᠭᠤᠯᠠ ᠨᠢ ᠬᠥᠮᠦᠰ ᠢ ᠬᠥᠰᠡᠷᠳᠡᠭᠦᠯᠬᠦ ᠦᠭᠡᠢ ᠨᠢ ᠯᠠᠪᠲᠠᠢ᠃ ᠠᠮᠢ ᠠᠬᠤᠢ ᠶᠢᠨ ᠪᠣᠯᠪᠠᠰᠤᠨ ᠪᠣᠯ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠨᠳᠤᠰᠢ ᠮᠥᠨ᠃ ᠪᠢᠳᠡ ᠭᠠᠷ ᠬᠤᠯᠪᠣᠯᠴᠠᠨ ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠦᠷ᠎ᠡ ᠬᠤᠶᠢᠴᠢᠰ ᠲᠠᠭᠠᠨ ᠬᠠᠷᠢᠭᠤᠴᠠᠬᠤ ᠦᠨᠳᠦᠷᠴᠡ ᠠᠴᠠ ᠳᠡᠯᠡᠬᠡᠢ ᠶᠢᠨ ᠪᠥᠮᠪᠥᠷᠴᠡᠭ ᠤᠨ ᠠᠮᠢ ᠨᠠᠰᠤᠨ ᠤ ᠬᠠᠮᠲᠤ ᠴᠣᠭᠴᠠ ᠶᠢ ᠬᠠᠮᠲᠤ ᠪᠠᠷ ᠪᠠᠶᠢᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃      ︽ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠶᠡᠭᠡ ᠬᠤᠷᠠᠯ ᠤᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ 10 ᠰᠠᠷ᠎ᠠ ᠶᠢᠨ 12 ᠤᠨ ᠡᠳᠦᠷ ᠺᠦᠨᠮᠢᠩ ᠳᠤ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠤ ᠶᠠᠪᠤᠬᠳᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲᠧᠯᠸᠢᠢᠰ᠂ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠲᠦᠷᠺ ᠤᠨ ᠶᠡᠷᠦᠩᠬᠡᠶᠢᠯᠡᠭᠴᠢ ᠠᠶᠢᠷᠳᠣ᠋ ᠊ ᠠᠨ᠂ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ᠂ ᠺᠤᠰᠲ᠋ᠠ ᠷᠢᠺᠠ ᠶᠢᠨ ᠶᠡᠷᠦᠩᠬᠡᠶᠢᠯᠡᠭᠴᠢ ᠠᠯᠸᠠᠷᠠᠳᠣ᠋᠂ ᠺᠢᠷᠬᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠫᠦ᠋ᠶᠠ ᠰᠢᠨ᠎ᠡ ᠬᠢᠨᠧᠶᠠ ᠶᠢᠨ ᠶᠡᠷᠦᠩᠬᠡᠢ ᠰᠠᠶᠢᠳ ᠮᠠᠯᠠᠫᠸᠢ᠂ ᠠᠩᠭ᠍ᠯᠢ ᠶᠢᠨ ᠸᠠᠩ ᠤᠨ ᠵᠠᠯᠭᠠᠮᠵᠢᠯᠠᠭᠴᠢ ᠴᠠᠷᠰ ᠨᠠᠷ ᠸᠢᠳᠢᠣ᠋ ᠬᠡᠯᠪᠡᠷᠢ ᠪᠠᠷ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号