︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠤᠷᠠᠮᠳᠤᠭᠤᠯᠬᠤ ᠪᠠ ᠬᠡᠷᠡᠭᠯᠡᠵᠦ ᠬᠠᠮᠢᠶᠠᠷᠬᠤ ᠬᠡᠷᠡᠭᠵᠢᠭᠦᠯᠦᠯᠲᠡ ᠶᠢᠨ ᠨᠠᠷᠢᠨ ᠲᠦᠷᠢᠮ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/10/14
     ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠣᠯ ᠮᠠᠨ ᠤ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠡᠯᠡ ᠮᠥᠩᠭᠦ ᠶᠢᠨ ᠴᠢᠬᠤᠯᠠ ᠢᠷᠡᠯᠲᠡ ᠪᠠᠶᠢᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠠᠰᠬᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠠᠬᠢᠭᠤᠯᠤᠨ ᠨᠠᠶᠢᠳᠠᠪᠤᠷᠢᠵᠢᠭᠤᠯᠵᠤ᠂ ᠰᠦᠢᠳᠬᠡᠯ ᠪᠤᠳᠤᠬᠤ ᠦᠨᠳᠦᠰᠦᠯᠡᠯ ᠳᠤ ᠲᠣᠬᠢᠷᠠᠭᠤᠯᠤᠯᠲᠠ ᠬᠢᠬᠦ ᠶᠢᠨ ᠬᠠᠮᠲᠤ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠤᠬᠠᠶ ᠥᠷᠭᠡᠨ ᠣᠯᠠᠨ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ ᠰᠦᠢᠳᠬᠡᠯ ᠲᠤᠰᠢᠶᠠᠭᠴᠢᠳ ᠤᠨ ᠬᠦᠰᠡᠯ ᠱᠠᠭᠠᠷᠳᠠᠯᠭ᠎ᠠ ᠳᠤ ᠦᠨᠡᠨ ᠬᠦ ᠬᠠᠷᠢᠭᠤᠯᠲᠠ ᠥᠭᠬᠦ ᠶᠢᠨ ᠲᠥᠯᠥᠭᠡ᠂ ᠡᠳᠦᠭᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠤᠷᠠᠮᠳᠤᠭᠤᠯᠬᠤ ᠪᠠ ᠬᠡᠷᠡᠭᠯᠡᠵᠦ ᠬᠠᠮᠢᠶᠠᠷᠬᠤ ᠬᠡᠷᠡᠭᠵᠢᠭᠦᠯᠦᠯᠲᠡ ᠶᠢᠨ ᠨᠠᠷᠢᠨ ᠲᠦᠷᠢᠮ ᠤᠨ ᠮᠡᠳᠡᠭᠳᠡᠯ︾ ︵ᠥᠪᠥᠷ ᠡᠳ᠋ ᠭᠠᠶᠢᠯᠢ  ﹇2021﹈ 1055 ᠳ᠋ᠤᠭᠠᠷ ᠲᠣᠭᠠᠲᠤ︶ ︵︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠬᠤᠯᠪᠣᠭᠳᠠᠯ ᠪᠥᠬᠦᠶ ᠲᠠᠶᠢᠯᠤᠮᠵᠢ ᠨᠢ ᠳᠣᠤᠷᠠᠬᠢ ᠮᠡᠲᠦ᠄      ᠨᠢᠭᠡ᠂ ᠨᠡᠶᠢᠲᠡᠯᠡᠭᠰᠡᠨ ᠠᠬᠤᠶ ᠪᠠᠶᠢᠳᠠᠯ      ︽ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠤᠷᠠᠮᠳᠤᠭᠤᠯᠬᠤ ᠪᠠ ᠬᠡᠷᠡᠭᠯᠡᠵᠦ ᠬᠠᠮᠢᠶᠠᠷᠬᠤ ᠬᠡᠷᠡᠭᠵᠢᠭᠦᠯᠦᠯᠲᠡ ᠶᠢᠨ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2012﹈ 41 ᠳ᠋ᠦ᠋ᠭᠡᠷ ᠲᠣᠭᠠᠲᠤ︶ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠨᠢᠭᠡᠨᠲᠡ ᠬᠤᠭᠤᠴᠠᠭ᠎ᠠ ᠲᠤᠯᠪᠠ᠃ ︽ᠵᠠᠰᠠᠭ ᠤᠨ ᠣᠷᠳᠣᠨ ᠤ ᠲᠥᠰᠦᠪ ᠤᠨ ᠰᠢᠰᠲ᠋ᠧᠮ ᠢ ᠲᠡᠭᠦᠯᠳᠡᠷᠵᠢᠭᠦᠯᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠥᠰᠥᠪ  ﹇2014﹈ 368 ᠳ᠋ᠤᠭᠠᠷ ᠲᠣᠭᠠᠲᠤ︶ ᠳᠤ ᠲᠣᠭᠲᠠᠭᠠᠭᠰᠠᠨ ᠢᠶᠠᠷ᠂ 2015 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠵᠢᠭᠰᠠᠭᠠᠪᠠ᠃      ᠮᠠᠨ ᠤ ᠲᠢᠩᠬᠢᠮ ︽ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠰᠠᠭᠤᠷᠢ ᠮᠥᠩᠭᠦ ᠵᠡᠷᠭᠡ ᠵᠠᠰᠠᠭ ᠤᠨ ᠣᠷᠳᠣᠨ ᠤ ᠴᠢᠨᠠᠷᠲᠠᠶ 3 ᠵᠦᠢᠯ ᠤᠨ ᠰᠠᠭᠤᠷᠢ ᠮᠥᠩᠭᠦ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠭᠠᠶᠢᠯᠢ  ﹇2020﹈ 72 ᠳ᠋ᠤᠭᠠᠷ ᠲᠣᠭᠠᠲᠤ︶ ᠳᠠᠬᠢ ︽2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠨᠢᠭᠡᠨᠲᠡ ᠡᠬᠢᠯᠡᠨ ᠲᠠᠲᠠᠪᠤᠷᠢᠯᠠᠭᠰᠠᠨ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠥᠯᠥ ᠲᠠᠲᠠᠪᠤᠷᠢᠯᠠᠬᠤ᠂ ᠲᠠᠲᠠᠪᠤᠷᠢᠯᠠᠬᠤ ᠶᠢ ᠵᠣᠭᠰᠣᠭᠠᠬᠤ ᠪᠤᠶᠤ ᠬᠠᠰᠤᠵᠤ ᠲᠠᠲᠠᠪᠤᠷᠢᠯᠠᠬᠤ ᠲᠥᠰᠦᠯ ᠢ ᠳᠤᠷᠠᠳᠤᠨ ᠭᠠᠷᠭᠠᠵᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠵᠦ ᠪᠣᠯᠣᠨ᠎ᠠ︾ ᠭᠡᠰᠡᠨ ᠲᠣᠭᠲᠠᠭᠠᠯ ᠢ ᠦᠨᠳᠦᠰᠦᠯᠡᠨ᠂ ᠣᠷᠣᠨ ᠤ ᠭᠠᠳᠠᠨᠠᠬᠢ ᠲᠤᠷᠰᠢᠯᠭ᠎ᠠ ᠪᠠᠷ ᠲᠣᠯᠢᠯᠠᠵᠤ᠂ ᠰᠦᠢᠳᠬᠡᠯ ᠪᠤᠳᠤᠬᠤ ᠦᠨᠳᠦᠰᠦᠯᠡᠯ ᠢ ᠲᠣᠬᠢᠷᠠᠭᠤᠯᠬᠤ᠂ ᠰᠦᠢᠳᠬᠡᠯ ᠲᠤᠰᠢᠶᠠᠭᠴᠢᠳ ᠤᠨ ᠳᠠᠷᠤᠭᠠᠰᠤ ᠶᠢ ᠬᠥᠩᠭᠡᠷᠡᠭᠦᠯᠬᠦ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ᠂ ᠲᠥᠰᠦᠪ ᠢ ᠲᠣᠭᠲᠠᠪᠤᠷᠢᠵᠢᠭᠤᠯᠤᠨ ᠲᠡᠩᠴᠡᠭᠦᠯᠬᠦ ᠬᠡᠷᠡᠭᠴᠡᠭᠡ ᠶᠢ ᠬᠠᠮᠲᠤ ᠳᠤ ᠨᠢ ᠬᠠᠷᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ ᠬᠠᠮᠲᠤᠷᠠᠨ ︽ᠮᠡᠳᠡᠭᠳᠡᠯ︾ ᠳᠠᠷᠤᠮᠠᠯᠯᠠᠨ ᠲᠠᠷᠬᠠᠭᠠᠵᠤ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠮᠠᠨ ᠤ ᠣᠷᠣᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠦᠷᠭᠦᠯᠵᠢᠯᠡᠨ ᠲᠠᠲᠠᠪᠤᠷᠢᠯᠠᠬᠤ ᠶᠢ ᠳᠤᠷᠠᠳᠬᠤ ᠶᠢᠨ ᠬᠠᠮᠲᠤ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ ᠰᠦᠢᠳᠬᠡᠯ ᠪᠤᠳᠤᠬᠤ ᠦᠨᠳᠦᠰᠦᠯᠡᠯ ᠢ ᠲᠣᠬᠢᠷᠠᠭᠤᠯᠬᠤ ᠪᠥᠭᠡᠳ ᠰᠦᠢᠳᠬᠡᠯ ᠲᠤᠰᠢᠶᠠᠭᠴᠢᠳ ᠤᠨ ᠰᠦᠢᠳᠬᠡᠯ ᠤᠨ ᠨᠣᠷᠮ᠎ᠠ ᠶᠢ ᠬᠤᠶᠠᠷ ᠠᠯᠬᠤᠮ ᠬᠤᠪᠢᠶᠠᠵᠤ ᠪᠠᠭᠤᠷᠠᠭᠤᠯᠬᠤ ᠪᠠᠷ ᠳᠤᠷᠠᠳᠪᠠ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ︽ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠰᠠᠭᠤᠷᠢ ᠮᠥᠩᠭᠦ ᠵᠡᠷᠭᠡ 3 ᠵᠦᠢᠯ ᠤᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠭᠠᠶᠢᠯᠢ  ﹇2020﹈ 72 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠲᠥᠰᠦᠪ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠥᠰᠥᠪ  ﹇2014﹈ 368 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠤᠷᠠᠮᠳᠤᠭᠤᠯᠬᠤ ᠪᠠ ᠬᠡᠷᠡᠭᠯᠡᠵᠦ ᠬᠠᠮᠢᠶᠠᠷᠬᠤ ᠬᠡᠷᠡᠭᠵᠢᠭᠦᠯᠦᠯᠲᠡ ᠶᠢᠨ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ  ﹇2012﹈  41 ᠳ᠋ᠦ᠋ᠭᠡᠷ ᠲᠣᠭᠠᠲᠤ︶ ᠢᠶᠠᠷ ᠦᠨᠳᠦᠰᠦᠯᠡᠪᠡ᠃      ᠭᠤᠷᠪᠠ᠂ ᠭᠤᠣᠯ ᠠᠭᠤᠯᠭ᠎ᠠ      ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠵᠦᠢᠯ ᠪᠣᠶ᠂ ᠭᠤᠤᠯ ᠠᠭᠤᠯᠭ᠎ᠠ ᠨᠢ ᠲᠣᠰ ᠲᠣᠰ᠄      ︵ᠨᠢᠭᠡ︶ ᠨᠢᠭᠡᠳᠦᠭᠡᠷ ᠵᠦᠢᠯ ᠳᠤ ︽ᠮᠡᠳᠡᠭᠳᠡᠯ︾ ᠢ ᠲᠣᠭᠲᠠᠭᠠᠭᠰᠠᠨ ᠵᠣᠷᠢᠯᠭ᠎ᠠ ᠪᠠ ᠦᠨᠳᠦᠰᠦᠯᠡᠭᠰᠡᠨ ᠪᠢᠴᠢᠭ ᠮᠠᠲ᠋ᠧᠷᠢᠶᠠᠯ ᠢ ᠲᠣᠳᠣᠷᠬᠠᠶᠢᠯᠠᠪᠠ᠃      ︵ᠬᠤᠶᠠᠷ︶ ᠬᠤᠶᠠᠳᠤᠭᠠᠷ ᠵᠦᠢᠯ ᠳᠤ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢᠨ ᠲᠠᠲᠠᠪᠤᠷᠢᠯᠠᠭᠳᠠᠬᠤ ᠡᠲᠡᠭᠡᠳ᠂ ᠰᠦᠢᠳᠬᠡᠯ ᠪᠤᠳᠤᠬᠤ ᠦᠨᠳᠦᠰᠦᠯᠡᠯ ᠪᠣᠯᠤᠨ ᠰᠦᠢᠳᠬᠡᠯ ᠤᠨ ᠨᠤᠷᠮ᠎ᠠ ᠶᠢ ᠲᠣᠳᠣᠷᠬᠠᠶᠢᠯᠠᠪᠠ᠃ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2021 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠪᠣᠷᠣᠯᠠᠭᠤᠯᠤᠯᠲᠠ ᠶᠢᠨ ᠣᠷᠣᠯᠭ᠎ᠠ ᠪᠤᠶᠤ ᠡᠵᠡᠩᠨᠡᠯᠲᠡ ᠶᠢᠨ ᠣᠷᠣᠯᠭ᠎ᠠ ᠲᠠᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠵᠢᠴᠢ ᠬᠤᠪᠢ ᠶᠢᠨ ᠡᠵᠡᠩᠨᠡᠭᠴᠢ ᠠᠴᠠ ᠳᠡᠭᠡᠷ᠎ᠡ ᠰᠠᠷ᠎ᠠ ᠶᠢᠨ ᠪᠣᠷᠣᠯᠠᠭᠤᠯᠤᠯᠲᠠ ᠶᠢᠨ ᠣᠷᠣᠯᠭ᠎ᠠ ᠪᠤᠶᠤ ᠡᠵᠡᠩᠨᠡᠯᠲᠡ ᠶᠢᠨ ᠣᠷᠣᠯᠭ᠎ᠠ ᠶᠢᠨ 1‰ ᠪᠠᠷ ᠪᠤᠳᠤᠵᠤ ᠲᠠᠲᠠᠪᠤᠷᠢᠯᠠᠨ᠎ᠠ᠂ ᠡᠭᠦᠨ ᠳᠤ ᠪᠠᠩᠬᠢ ᠪᠠ ᠳᠠᠭᠠᠳᠬᠠᠯ ᠤᠨ ᠺᠣᠮᠫᠠᠨᠢ ᠠᠴᠠ 0.6‰ ᠪᠠᠷ ᠪᠤᠳᠤᠵᠤ ᠲᠠᠲᠠᠪᠤᠷᠢᠯᠠᠨ᠎ᠠ᠃ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷ᠎ᠠ ᠭᠠᠶᠢᠯᠢ ᠲᠤᠰᠢᠶᠠᠭᠴᠢᠳ ᠤᠨ ᠬᠠᠤᠯᠢ ᠶᠣᠰᠣᠭᠠᠷ ᠪᠣᠳᠠᠲᠠᠶ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢᠨ ᠭᠠᠶᠢᠯᠢ ᠶᠢᠨ ᠲᠤᠭ᠎ᠠ ︵ᠳᠣᠷᠣᠭᠰᠢ ᠬᠤᠶᠠᠷ ᠭᠠᠶᠢᠯᠢ ᠶᠢᠨ ᠭᠠᠶᠢᠯᠢ ᠶᠢᠨ ᠲᠤᠭ᠎ᠠ ᠭᠡᠵᠦ ᠲᠣᠪᠴᠢᠯᠠᠨ᠎ᠠ︶ ᠪᠠᠷ ᠰᠦᠢᠳᠬᠡᠯ ᠪᠤᠳᠤᠬᠤ ᠦᠨᠳᠦᠰᠦᠯᠡᠯ ᠪᠣᠯᠭᠠᠵᠤ᠂ ᠪᠣᠳᠠᠲᠠᠶ ᠬᠡᠷᠡᠭᠯᠡᠬᠦ ᠰᠦᠢᠳᠬᠡᠯ ᠤᠨ ᠨᠣᠷᠮ᠎ᠠ ᠪᠠᠷ ᠦᠷᠡᠵᠢᠭᠦᠯᠵᠦ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠪᠤᠳᠤᠵᠤ ᠲᠠᠲᠠᠪᠤᠷᠢᠯᠠᠨ᠎ᠠ᠃ ᠡᠭᠦᠨ ᠳᠤ᠂ 2022 ᠣᠨ ᠳᠤ ᠪᠣᠳᠠᠲᠠᠶ ᠬᠡᠷᠡᠭᠯᠡᠬᠦ ᠰᠦᠢᠳᠬᠡᠯ ᠤᠨ ᠨᠣᠷᠮ᠎ᠠ ᠨᠢ 1% ᠪᠣᠯᠤᠨ᠎ᠠ︔ 2023 ᠣᠨ ᠠᠴᠠ ᠡᠬᠢᠯᠡᠨ ᠪᠣᠳᠠᠲᠠᠶ ᠬᠡᠷᠡᠭᠯᠡᠬᠦ ᠰᠦᠢᠳᠬᠡᠯ ᠤᠨ ᠨᠣᠷᠮ᠎ᠠ ᠨᠢ 0.5% ᠪᠣᠯᠤᠨ᠎ᠠ᠃ ᠬᠤᠶᠠᠷ ᠭᠠᠶᠢᠯᠢ ᠶᠢᠨ ᠭᠠᠶᠢᠯᠢ ᠶᠢᠨ ᠲᠤᠭ᠎ᠠ ᠶᠢᠨ ᠲᠣᠮᠢᠶᠠᠯᠠᠯ ᠢ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠪᠤᠳᠤᠬᠤ ᠦᠨᠳᠦᠰᠦᠯᠡᠯ ᠶᠣᠰᠣᠭᠠᠷ ᠲᠣᠭᠲᠠᠭᠠᠨ᠎ᠠ᠃      ︵ᠭᠤᠷᠪᠠ︶ ᠭᠤᠷᠪᠠᠳᠤᠭᠠᠷ ᠵᠦᠢᠯ ᠳᠤ ᠭᠠᠵᠠᠷ ᠣᠷᠣᠨ ᠠᠯᠤᠰᠯᠠᠨ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠳᠤ ᠣᠷᠣᠨ ᠨᠤᠲᠤᠭ ᠤᠨ ᠤᠰᠤᠨ ᠠᠰᠢᠭᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠡᠷᠬᠢᠨ ᠪᠤᠳᠤᠵᠤ ᠲᠤᠰᠢᠶᠠᠬᠤ ᠶᠢ ᠲᠣᠳᠣᠷᠬᠠᠶᠢᠯᠠᠪᠠ᠃      ︵ᠲᠦᠷᠪᠡ︶ ᠳᠥᠷᠪᠡᠳᠦᠭᠡᠷ ᠵᠦᠢᠯ ᠳᠤ ᠲᠠᠲᠠᠪᠤᠷᠢᠯᠠᠬᠤ ᠪᠠᠶᠢᠭᠤᠯᠭ᠎ᠠ᠂ ᠮᠡᠳᠡᠭᠦᠯᠬᠦ ᠠᠷᠭ᠎ᠠ ᠪᠠ ᠣᠷᠣᠯᠭ᠎ᠠ ᠶᠢ ᠬᠥᠮᠥᠷᠭᠡ ᠳᠤ ᠣᠷᠣᠭᠤᠯᠬᠤ ᠵᠡᠷᠭᠡ ᠳᠡᠰ ᠢ ᠲᠣᠳᠣᠷᠬᠠᠶᠢᠯᠠᠪᠠ᠃      ︵ᠲᠠᠪᠤ︶ ᠲᠠᠪᠤᠳᠤᠭᠠᠷ ᠵᠦᠢᠯ ᠳᠤ ᠰᠦᠢᠳᠬᠡᠯ ᠲᠤᠰᠢᠶᠠᠬᠤ ᠬᠤᠭᠤᠴᠠᠭ᠎ᠠ ᠶᠢ ᠲᠣᠳᠣᠷᠬᠠᠶᠢᠯᠠᠪᠠ᠃      ︵ᠵᠢᠷᠭᠤᠭ᠎ᠠ︶ ᠵᠢᠷᠭᠤᠳᠤᠭᠠᠷ ᠵᠦᠢᠯ ᠳᠤ ᠬᠤᠷᠢᠶᠠᠩᠭᠤᠶᠢᠯᠠᠨ ᠲᠤᠰᠢᠶᠠᠬᠤ ᠠᠷᠭ᠎ᠠ ᠶᠢ ᠲᠣᠳᠣᠷᠬᠠᠶᠢᠯᠠᠪᠠ᠃      ︵ᠲᠤᠯᠤᠭ᠎ᠠ︶ ᠳᠣᠯᠣᠳᠤᠭᠠᠷ ᠵᠦᠢᠯ ᠳᠤ ᠲᠥᠰᠦᠪ ᠤᠨ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠶᠢᠯᠠᠪᠠ᠃      ︵ᠨᠠᠢᠮᠠ︶ ᠨᠠᠢᠮᠠᠳᠤᠭᠠᠷ ᠵᠦᠢᠯ ᠳᠤ ᠪᠢᠴᠢᠭ ᠮᠠᠲ᠋ᠧᠷᠢᠶᠠᠯ ᠲᠠᠷᠬᠠᠭᠠᠭᠰᠠᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠪᠠ᠃      ︵ᠶᠢᠰᠦ︶ ᠶᠢᠰᠦᠳᠦᠭᠡᠷ ᠵᠦᠢᠯ ᠳᠤ ᠬᠠᠰᠤᠵᠤ ᠭᠡᠯᠳᠦᠷᠢᠭᠦᠯᠬᠦ ᠠᠷᠭ᠎ᠠ ᠶᠢ ᠲᠣᠳᠣᠷᠬᠠᠶᠢᠯᠠᠪᠠ᠃      ︵ᠠᠷᠪᠠ︶ ᠠᠷᠪᠠᠳᠤᠭᠠᠷ ᠵᠦᠢᠯ ᠳᠤ ︽ᠮᠡᠳᠡᠭᠳᠡᠯ︾ ᠢ ᠬᠡᠷᠡᠭᠵᠢᠭᠦᠯᠬᠦ ᠶᠠᠪᠤᠴᠠ ᠳᠤ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠭᠠᠷᠭᠠᠪᠠᠯ᠂ ᠤᠯᠤᠰ ᠤᠨ ᠬᠠᠮᠤᠭ ᠤᠨ ᠰᠢᠨ᠎ᠡ ᠲᠣᠭᠲᠠᠭᠠᠯ ᠶᠣᠰᠣᠭᠠᠷ ᠬᠡᠷᠡᠭᠵᠢᠭᠦᠯᠬᠦ ᠶᠢ ᠲᠣᠳᠣᠷᠬᠠᠶᠢᠯᠠᠪᠠ᠃      ︵ᠠᠷᠪᠠᠨ ᠨᠢᠭᠡ︶ ᠠᠷᠪᠠᠨ ᠨᠢᠭᠡᠳᠦᠭᠡᠷ ᠵᠦᠢᠯ ᠳᠤ ︽ᠮᠡᠳᠡᠭᠳᠡᠯ︾ ᠡᠬᠢᠯᠡᠨ ᠬᠡᠷᠡᠭᠵᠢᠭᠦᠯᠬᠦ ᠴᠠᠭ ᠢ ᠲᠣᠳᠣᠷᠬᠠᠶᠢᠯᠠᠪᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号