ᠪᠦᠬᠦ ᠣᠷᠣᠨ ᠤ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠠᠵᠢᠯ ᠢ ᠡᠬᠢᠯᠡᠭᠦᠯᠬᠦ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠮᠠᠨ ᠤ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2021/10/17
      10 ᠳ᠋ᠤᠭᠠᠷ ᠰᠠᠷ᠎ᠠ ᠶᠢᠨ 14 ᠤ ᠡᠳᠦᠷ᠂ ᠪᠥᠬᠦ ᠣᠷᠣᠨ ᠤ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠠᠵᠢᠯ ᠢ ᠡᠬᠢᠯᠡᠭᠦᠯᠬᠦ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠰᠢᠯᠢᠩᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠬᠤᠤ ᠮᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ᠤᠨ ᠡᠷᠬᠢᠯᠡᠭᠴᠢ ᠯᠢᠦ ᠶᠦᠨ ᠬᠤᠷᠠᠯ ᠢ ᠡᠷᠬᠢᠯᠡᠪᠡ
     ᠪᠣᠯᠪᠠᠰᠤᠷᠠᠯ ᠤᠨ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠢᠦᠢ ᠴᠢ ᠪᠠᠶᠠᠷ ᠤᠨ ᠦᠭᠡ ᠬᠡᠯᠡᠬᠦ ᠳᠡᠭᠡᠨ᠂ ᠰᠢᠯᠢ ᠶᠢᠨ ᠭᠤᠣᠯ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠪᠠᠶᠢᠭᠤᠯᠤᠭᠳᠠᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠪᠠᠳᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠤᠭᠰᠠᠭᠠᠷ ᠢᠷᠡᠭᠰᠡᠨ ᠶᠤᠮ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠯᠲᠠ ᠶᠢ ᠴᠥᠮ ᠠᠶᠢᠮᠠᠭ ᠤᠨ ᠱᠠᠲᠤᠨ ᠳᠤ ᠨᠢᠭᠡᠳᠦᠯᠲᠡᠶ ᠲᠥᠯᠥᠪᠵᠢᠭᠦᠯᠬᠦ ᠶᠢ ᠪᠡᠶᠡᠯᠡᠭᠦᠯᠪᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠵᠢᠯᠯᠠᠭᠠᠨ ᠤ ᠠᠮᠤᠷ ᠲᠦᠪᠰᠢᠨ  ᠦᠷᠭᠦᠯᠵᠢᠯᠡᠨ  ᠪᠠᠳᠤᠯᠠᠪᠠ︔ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠤᠨ ᠶᠠᠪᠤᠳᠠᠯ ᠢ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠭᠤᠯᠬᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠦ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠬᠠᠮᠢᠶᠠᠷᠤᠯᠲᠠ ᠶᠢᠨ ᠦᠢᠯᠡᠴᠢᠯᠡᠭᠡ ᠶᠢ ᠦᠷᠭᠦᠯᠵᠢᠯᠡᠨ ᠳᠡᠭᠡᠭᠰᠢᠯᠡᠭᠦᠯᠵᠦ ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠬᠤ ᠶᠠᠪᠤᠴᠠ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠬᠤ ᠳᠤ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠠᠯᠠᠭᠠᠨ ᠳᠡᠭᠡᠷᠡᠬᠢ ᠭᠦᠢᠴᠡᠳᠬᠡᠬᠦ︾ ᠶᠢ ᠲᠣᠭᠲᠠᠭᠤᠨ ᠢᠶᠠᠷ ᠠᠬᠢᠭᠤᠯᠵᠤ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠰᠢᠭᠤᠳ ᠳ᠋ᠦᠩᠨᠡᠨ ᠪᠤᠳᠤᠬᠤ ᠨᠤᠷᠮ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠪᠥᠬᠦ ᠠᠶᠢᠮᠠᠭ ᠤᠨ ᠡᠮᠨᠡᠯᠭᠡ ᠳᠤ ᠰᠠᠭᠤᠬᠤ ᠬᠢᠷᠢ ᠬᠡᠮ ᠲᠠᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠨᠢᠭᠡᠨᠲᠡ ᠪᠦᠬᠦᠨ ᠢ ᠮᠤᠵᠢ ᠠᠯᠤᠰᠯᠠᠨ ᠡᠮᠨᠡᠯᠭᠡ ᠳᠤ ᠰᠠᠭᠤᠪᠠᠯ ᠰᠢᠭᠤᠳ ᠲᠡᠰᠦᠯᠦᠨ ᠪᠤᠳᠤᠬᠤ ᠬᠡᠪᠴᠢᠶᠡᠨ ᠳᠤ ᠣᠷᠣᠭᠤᠯᠵᠤ᠂ ᠨᠢᠭᠡᠳᠦᠯᠲᠡᠶ ᠲᠥᠯᠥᠪᠯᠡᠬᠦ ᠣᠷᠣᠨ ᠤ ᠳᠣᠲᠣᠷᠠᠬᠢ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠢ ᠰᠢᠭᠤᠳ ᠲᠡᠰᠦᠯᠦᠨ ᠪᠤᠳᠤᠬᠤ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠡᠪᠡᠳᠴᠢᠨ ᠦᠵᠡᠭᠦᠯᠬᠦ ᠳᠤ ᠣᠨᠳᠣᠤ ᠭᠠᠵᠠᠷ ᠥᠬᠡᠶ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠣᠷᠣᠨ ᠤ ᠳᠣᠲᠣᠷ᠎ᠠ ᠣᠨᠳᠣᠤ ᠭᠠᠵᠠᠷ ᠲᠤ ᠡᠮᠨᠡᠯᠭᠡ ᠳᠤ ᠰᠠᠭᠤᠭᠰᠠᠨ ᠳᠡᠩᠰᠡᠯᠡᠯᠲᠡ ᠶᠢ ᠪᠥᠬᠦ ᠲᠠᠯ᠎ᠠ ᠪᠠᠷ ᠬᠦᠴᠦᠨ ᠥᠬᠡᠶ ᠪᠤᠯᠭᠠᠪᠠ᠃ ᠰᠢᠯᠢ ᠶᠢᠨ ᠭᠤᠤᠯ ᠠᠶᠢᠮᠠᠭ ᠨᠢ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠤ ᠬᠠᠮᠢᠶ᠎ᠠ ᠪᠥᠬᠦᠶ ᠣᠨᠣᠰᠢᠯᠠᠨ ᠡᠮᠨᠡᠬᠦ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠵᠠᠯᠭᠠᠭᠠᠳ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠠᠵᠢᠯ ᠤᠨ ᠰᠢᠨ᠎ᠡ ᠶᠢ ᠡᠭᠦᠳᠴᠦ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠲᠤᠷᠰᠢᠯᠭ᠎ᠠ ᠪᠠᠨ ᠳ᠋ᠦᠩᠨᠡᠵᠦ᠂ ᠪᠥᠬᠦ ᠣᠷᠣᠨ ᠤ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠠᠵᠢᠯ ᠢ ᠠᠬᠢᠭᠤᠯᠬᠤ ᠳᠤ ᠲᠤᠷᠰᠢᠯᠭ᠎ᠠ ᠬᠤᠷᠠᠮᠳᠤᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠨ ᠭᠠᠷᠭᠠᠪᠠ᠃
     ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠬᠤᠤ ᠮᠧᠩ ᠶᠠᠷᠢᠶᠠᠨ ᠳᠠᠭᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠣᠨᠳᠣᠣ ᠭᠠᠵᠠᠷ ᠲᠤ ᠡᠪᠡᠳᠴᠢᠨ ᠦᠵᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷ᠎ᠡ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠪᠦᠬᠦ ᠤᠯᠤᠰ ᠲᠤ ᠰᠦᠯᠵᠢᠶᠡᠨ ᠳᠤ ᠬᠤᠯᠪᠣᠬᠤ ᠶᠢ ᠪᠡᠶᠡᠯᠡᠭᠦᠯᠬᠦ ᠬᠡᠷᠡᠭᠲᠡᠢ ᠭᠡᠵᠦ ᠬᠤᠶᠠᠷ ᠤᠳᠠᠭ᠎ᠠ ᠳᠤᠷᠠᠳᠴᠤ᠂ ᠶᠡᠷᠦᠩᠬᠡᠢ ᠰᠠᠶᠢᠳ ᠯᠢ ᠺᠧ ᠴᠢᠶᠠᠩ 2016 ᠣᠨ ᠠᠴᠠ 2021 ᠣᠨ ᠪᠣᠯᠲᠠᠯ᠎ᠠ ᠵᠠᠯᠭᠠᠭ᠎ᠠ ᠪᠠᠷ 5 ᠵᠢᠯ ᠣᠨᠳᠣᠣ ᠭᠠᠵᠠᠷ ᠲᠤ ᠡᠪᠡᠳᠴᠢᠨ ᠦᠵᠡᠭᠦᠯᠬᠦ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠠᠢ᠃ ᠡᠨᠡ ᠵᠢᠯ ᠪᠥᠬᠦ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠤᠨ ᠬᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠠᠵᠢᠯ ᠲᠠᠢ ᠨᠢᠭᠲᠠ ᠤᠶᠠᠯᠳᠤᠭᠤᠯᠵᠤ᠂ ᠲᠦᠷᠦᠭᠦᠤ ᠭᠤᠷᠪᠠᠨ ᠤᠯᠠᠷᠢᠯ ᠳᠤ ᠣᠨᠳᠣᠤ ᠭᠠᠵᠠᠷ ᠲᠤ ᠡᠮᠨᠡᠭᠦᠯᠬᠦ ᠠᠵᠢᠯ ᠳᠤ ᠲᠣᠪᠤᠶᠢᠮ᠎ᠠ ᠠᠮᠵᠢᠯᠲᠠ ᠪᠦᠲᠦᠮᠵᠢ ᠣᠯᠵᠤ᠂ ᠪᠥᠬᠦ ᠣᠷᠣᠨ ᠤ ᠡᠩ ᠤᠨ ᠡᠭᠦᠳᠡᠨ ᠡᠮᠨᠡᠯᠭᠡ ᠶᠢᠨ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠪᠠᠷ ᠠᠵᠢᠯ ᠤᠨ ᠡᠭᠦᠷᠭᠡ ᠶᠢ ᠪᠡᠶᠡᠯᠡᠭᠦᠯᠪᠡ︔ ᠣᠷᠣᠨ ᠤ ᠳᠣᠲᠣᠷᠠᠬᠢ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠢ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ︔ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠢ ᠰᠢᠭᠤᠳ ᠳ᠋ᠦᠩᠨᠡᠨ ᠪᠤᠳᠤᠬᠤ ᠠᠵᠢᠯ ᠢ ᠤᠷᠤᠭᠰᠢᠲᠠᠶ ᠠᠬᠢᠭᠤᠯᠤᠨ᠎ᠠ︔ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠦᠷᠢᠵᠢᠭᠤᠯᠤᠨ᠎ᠠ᠃ ᠵᠠᠯᠭᠠᠭᠠᠳ ᠡᠯ᠎ᠡ ᠭᠠᠵᠠᠷ ᠣᠷᠣᠨ ᠨᠤᠭᠤᠳ ᠰᠡᠳᠬᠢᠴᠡ ᠪᠠᠨ ᠬᠤᠪᠢᠷᠠᠭᠤᠯᠵᠤ᠂ ᠣᠨᠳᠣᠤ ᠭᠠᠵᠠᠷ ᠣᠷᠣᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠥᠬᠦ ᠣᠷᠣᠨ ᠤ ᠣᠨᠳᠣᠤ ᠭᠠᠵᠠᠷ ᠡᠮᠴᠢᠯᠡᠭᠦᠯᠦᠭᠰᠡᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠬᠦ ᠪᠠᠷ ᠭᠠᠷᠳᠠᠴᠠ ᠪᠣᠯᠭᠠᠵᠤ᠂ ᠰᠢᠨ᠎ᠡ ᠱᠠᠲᠤ ᠦᠶ᠎ᠡ ᠶᠢᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠴᠢᠳᠠᠪᠤᠷᠢ ᠶᠢ ᠬᠦᠴᠦᠲᠡᠶ ᠳᠡᠭᠡᠭᠰᠢᠯᠡᠭᠦᠯᠬᠦ ᠬᠡᠷᠡᠭᠲᠡᠶ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠣᠷᠣᠨ ᠤ ᠳᠣᠲᠣᠷᠠᠬᠢ ᠠᠳᠠᠯᠢ ᠪᠤᠰᠤ ᠭᠠᠵᠠᠷ ᠪᠠᠶᠢᠬᠤ ᠥᠬᠡᠶ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ︔ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢᠨ ᠤᠬᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠢᠳᠡᠪᠬᠢᠲᠡᠶ ᠰᠠᠶᠢᠲᠤᠷ ᠬᠢᠵᠦ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠨᠢᠭᠲᠠ ᠠᠴᠠ ᠨᠢᠭᠲᠠ ᠪᠠᠶᠢᠬᠤ ᠣᠪᠣᠷ ᠢᠶᠠᠷ ᠴᠢᠨᠠᠷ ᠰᠠᠶᠢᠲᠠᠶ  ᠦᠢᠯᠡᠴᠢᠯᠡᠭᠡ ᠬᠠᠩᠭᠠᠬᠤ ᠲᠠᠯ᠎ᠠ ᠪᠠᠷ ᠬᠦᠴᠦ ᠲᠠᠯᠪᠢᠵᠤ᠂ ᠳᠠᠩᠰᠠᠯᠠᠬᠤ ᠲᠠᠰ ᠳᠠᠷᠠᠭᠠᠯᠠᠯ ᠢ ᠳᠥᠭᠦᠮᠴᠢᠯᠡᠬᠦ᠂ ᠦᠢᠯᠡᠴᠢᠯᠡᠭᠡᠨ ᠤ ᠠᠷᠭ᠎ᠠ ᠮᠠᠶ᠋ᠢᠭ ᠢ ᠰᠢᠨᠡᠳᠬᠡᠬᠦ᠂ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠵᠡᠷᠭᠡ ᠲᠠᠯ᠎ᠠ ᠪᠠᠷ ᠬᠢᠴᠢᠶᠡᠯ ᠣᠷᠣᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠷᠢᠯᠢᠬᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠦᠢᠯᠡᠴᠢᠢᠯᠡᠭᠡ ᠬᠠᠩᠭᠠᠬᠤ ᠬᠡᠷᠡᠭᠲᠡᠶ ᠵᠢᠭᠠᠨ ᠭᠠᠷᠭᠠᠪᠠ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠪᠥᠬᠦ ᠣᠷᠣᠨ ᠤ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠲᠤᠬᠠᠶᠢᠯᠠᠭᠰᠠᠨ ᠠᠵᠢᠯ ᠵᠢᠴᠢ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠶ ᠡᠪᠡᠳᠴᠢᠨ ᠢ ᠰᠢᠭᠤᠳ ᠳ᠋ᠦᠩᠨᠡᠨ ᠪᠤᠳᠤᠬᠤ ᠠᠵᠢᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠵᠤ ᠰᠤᠳᠤᠯᠭᠠᠨ ᠦᠷᠨᠢᠭᠦᠯᠵᠦ᠂ ᠮᠤᠵᠢ ᠠᠯᠤᠰᠯᠠᠭᠰᠠᠨ ᠡᠭᠦᠳᠡᠨ ᠡᠮᠨᠡᠯᠭᠡ ᠶᠢᠨ ᠳᠡᠩᠰᠡᠯᠡᠯᠲᠡ ᠵᠢᠴᠢ ᠣᠷᠣᠨ ᠤ ᠳᠣᠲᠣᠷᠠᠬᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠢ ᠳᠠᠩᠰᠠᠯᠠᠬᠤ ᠰᠢᠰᠲ᠋ᠧᠮ ᠤᠨ ᠠᠵᠢᠯᠯᠠᠭᠠᠨ ᠤ ᠴᠤᠪᠤᠷᠠᠯ ᠳᠤ ᠪᠣᠯᠪᠠᠰᠤᠷᠠᠭᠤᠯᠤᠯ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ ᠨᠢᠭᠡ ᠡᠳᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ᠂ ᠡᠮ ᠡᠮᠨᠡᠯᠭᠡ ᠶᠢᠨ ᠳᠠᠭᠠᠳᠬᠠᠯ ᠤᠨ ᠲᠥᠪ᠂ ᠡᠯ᠎ᠡ ᠠᠶᠢᠮᠠᠭ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠭᠠᠷᠲᠠᠨ ᠭᠦᠢᠴᠡᠳᠭᠡᠬᠦ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠵᠠᠶ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号