︽ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠨ ᠬᠦᠭᠵᠢᠭᠦᠯᠬᠦ ᠠᠵᠢᠯ ᠤᠨ ᠬᠠᠮᠢᠶ᠎ᠠ ᠪᠦᠬᠦᠢ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2021/10/19
      ᠨᠢᠭᠡ᠂ ᠲᠤᠭᠤᠷᠪᠢᠭᠰᠠᠨ ᠠᠬᠤᠢ ᠪᠠᠶᠢᠳᠠᠯ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠤᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠬᠡᠪ ᠪᠠᠶᠢᠳᠠᠯ ᠢ ᠪᠠᠶᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠭᠡᠷ ᠪᠠᠶᠢᠰᠢᠩ ᠪᠣᠯ ᠠᠮᠢᠳᠤᠷᠠᠨ ᠰᠠᠭᠤᠬᠤ ᠳᠤ ᠵᠣᠷᠢᠭᠤᠯᠤᠭᠰᠠᠨ᠂ ᠬᠠᠷᠢᠨ ᠰᠠᠷᠢᠭᠠᠯᠠᠬᠤ ᠶᠢᠨ ᠲᠥᠯᠦᠭᠡ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠪᠦᠬᠦ ᠣᠷᠤᠨ ᠳᠤ ᠣᠯᠠᠨ ᠭᠤᠤᠯ ᠴᠣᠭᠴᠠ ᠶᠢᠨ ᠬᠠᠩᠭᠠᠯᠭ᠎ᠠ ᠲᠠᠢ᠂ ᠣᠯᠠᠨ ᠠᠷᠭ᠎ᠠ ᠵᠠᠮ ᠤᠨ ᠪᠠᠲᠤᠯᠠᠭ᠎ᠠ ᠲᠠᠢ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠬᠤᠣᠰᠯᠠᠭᠤᠯᠤᠭᠰᠠᠨ ᠣᠷᠣᠨ ᠰᠠᠭᠤᠴᠠ ᠶᠢᠨ ᠳᠦᠷᠢᠮ ᠢ ᠲᠦᠷᠭᠡᠬᠡᠨ ᠪᠠᠶᠢᠭᠤᠯᠬᠤ ᠶᠢ ᠳᠦᠯᠬᠢᠨ ᠠᠭᠢᠭᠤᠯᠵᠤ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠶᠢ ᠲᠦᠷᠭᠡᠳᠬᠡᠨ ᠪᠡᠶᠡᠯᠡᠭᠦᠯᠬᠦ ᠶᠢᠨ ᠲᠤᠯᠠᠳᠠ᠂ ︽ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2022﹈ 22 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠪᠦᠬᠦ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠲᠤᠬᠠᠶ ᠮᠡᠳᠡᠭᠳᠡᠯ︾ ᠢ ᠲᠣᠭᠲᠠᠭᠠᠯ᠎ᠠ᠃ ᠣᠯᠠᠨ ᠵᠢᠯ ᠤᠨ ᠬᠥᠭᠵᠢᠯᠲᠡ ᠪᠠᠷ ᠳᠠᠮᠵᠢᠨ᠂ ᠪᠦᠬᠦ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠲᠥᠪᠰᠢᠨ ᠲᠣᠭᠲᠠᠭᠤᠨ ᠢᠶᠠᠷ ᠳᠡᠭᠡᠭᠰᠢᠯᠡᠵᠦ᠂ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶ᠎ᠡ ᠠᠯᠬᠤᠮ ᠠᠯᠬᠤᠮ ᠢᠶᠠᠷ ᠥᠷᠭᠡᠳᠴᠦ᠂ ᠪᠠᠲᠤᠯᠠᠭ᠎ᠠ ᠶᠢᠨ ᠪᠠᠷᠢᠮᠵᠢᠶ᠎ᠠ ᠲᠠᠰᠤᠷᠠᠯᠲᠠ ᠤᠢᠭᠡᠢ ᠳᠡᠭᠡᠭᠰᠢᠯᠡᠨ᠂ ᠣᠷᠣᠨ ᠰᠠᠭᠤᠴᠠ ᠶᠢᠨ ᠬᠦᠴᠢᠷᠳᠡᠯ ᠲᠠᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠣᠷᠣᠰᠢᠨ ᠰᠠᠭᠤᠬᠤ ᠠᠰᠠᠭᠤᠳᠠᠯ ᠢ ᠲᠣᠬᠢᠲᠠᠶ ᠰᠢᠢᠳᠪᠦᠷᠢᠯᠡᠪᠡ᠃ ᠪᠥᠬᠦ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠪᠦᠷᠢᠨᠰᠢᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠠᠰᠠᠭᠤᠳᠠᠯ ᠢ ᠰᠢᠶ᠋ᠳᠪᠦᠷᠢᠯᠡᠬᠦ ᠳᠤᠮᠳᠠᠬᠢ ᠣᠷᠣᠨ ᠰᠠᠭᠤᠴᠠ ᠶᠢᠨ ᠪᠠᠲᠤᠯᠠᠭ᠎ᠠ ᠶᠢᠨ ︽ᠨᠥᠬᠦᠪᠥᠷᠢᠯᠡᠬᠦ ᠪᠠᠶᠢᠷᠢ︾ ᠶᠢᠨ ᠦᠶ᠋ᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ᠂ ᠪᠥᠬᠦ ᠣᠷᠣᠨ ᠤ ᠬᠡᠷ ᠪᠠᠶᠢᠰᠢᠩ ᠥᠬᠡᠶ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠣᠷᠣᠨ ᠰᠠᠭᠤᠴᠠ ᠶᠢᠨ ᠲᠦᠷᠢᠶᠡᠰᠦᠯᠡᠯ ᠤᠨ ᠵᠠᠬ᠎ᠠ ᠳᠡᠯᠭᠡᠭᠦᠷ ᠤᠨ ᠪᠦᠲᠦᠴᠡ ᠶᠢᠨ ᠴᠢᠨᠠᠷᠲᠠᠶ ᠬᠠᠩᠭᠠᠯᠭ᠎ᠠ ᠬᠦᠷᠦᠯᠴᠡᠬᠦ ᠥᠬᠡᠶ ᠪᠠᠶᠢᠬᠤ ᠶᠢ ᠨᠠᠮᠳᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠠᠳᠠᠯᠢ ᠪᠤᠰᠤ ᠪᠠᠲᠤᠯᠠᠭ᠎ᠠ ᠶᠢᠨ ᠬᠥᠮᠦᠰ ᠤᠨ ᠣᠷᠣᠰᠢᠨ ᠰᠠᠭᠤᠬᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠂ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃      ᠬᠤᠶᠠᠷ᠂ ᠭᠤᠣᠯ ᠠᠭᠤᠯᠭ᠎ᠠ      ︵ᠨᠢᠭᠡ︶ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ ᠶᠢ ᠪᠠᠷᠢᠮᠲᠠᠯᠠᠨ᠎ᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠨᠢ ᠭᠤᠣᠯᠴᠠᠭᠤ ᠭᠡᠷ ᠪᠠᠶᠢᠰᠢᠩ ᠦᠭᠡᠶ ᠬᠤᠲᠠ ᠶᠢᠨ ᠰᠢᠨ᠎ᠡ ᠠᠷᠠᠳ᠂ ᠵᠠᠯᠠᠭᠤᠴᠤᠳ ᠵᠡᠷᠭᠡ ᠬᠦᠮᠦᠰ ᠤᠨ ᠣᠷᠣᠨ ᠰᠠᠭᠤᠴᠠ ᠶᠢᠨ ᠬᠦᠴᠢᠷᠳᠡᠯ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠤᠯᠠ᠂ ᠡᠯ᠎ᠡ ᠭᠠᠵᠠᠷ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ᠂ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ᠂ ᠨᠢᠭᠡ ᠬᠤᠲᠠ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠂ ᠲᠤᠰ ᠭᠠᠵᠠᠷ ᠣᠷᠣᠨ ᠤ ᠪᠠᠨ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠱᠠᠭᠠᠷᠳᠠᠯᠭ᠎ᠠ ᠦᠭᠡᠶ ᠬᠤᠲᠠ ᠨᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠰᠣᠬᠤᠷ ᠪᠠᠯᠠᠶ ᠪᠠᠷ ᠬᠥᠭᠵᠢᠭᠦᠯᠵᠦ ᠪᠣᠯᠬᠤ ᠦᠭᠡᠶ᠂ ᠭᠤᠣᠯᠳᠠᠭᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠬᠡᠯᠪᠡᠷᠢ ᠪᠠᠷ ᠣᠷᠣᠨ ᠰᠠᠭᠤᠴᠠ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃      ︵ᠬᠤᠶᠠᠷ︶ ᠠᠵᠢᠯ ᠤᠨ ᠭᠤᠤᠯᠳᠠᠯᠭ᠎ᠠ ᠪᠠᠨ ᠲᠣᠳᠤᠷᠬᠠᠶᠢᠯᠠᠨ᠎ᠠ᠃ ᠡᠯ᠎ᠡ ᠠᠶᠢᠮᠠᠭ ᠬᠤᠲᠠ ᠶᠢᠨ ᠬᠤᠲᠠ ᠶᠢᠨ ᠲᠣᠭᠤᠷᠢᠭ ᠤᠨ ᠬᠥᠮᠦᠨ ᠠᠮᠠ ᠶᠢᠨ ᠲᠤᠭ᠎ᠠ ᠬᠡᠮᠵᠢᠶ᠎ᠡ ᠵᠢᠴᠢ ᠬᠥᠮᠦᠨ ᠠᠮᠠ ᠶᠢᠨ ᠨᠡᠭᠦᠳᠡᠯ ᠤᠨ ᠪᠠᠶᠢᠳᠠᠯ ᠢ ᠦᠨᠳᠦᠰᠦᠯᠡᠨ᠂ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠶᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠭᠥᠭᠵᠢᠭᠦᠯᠬᠦ ᠪᠥᠬᠦ ᠣᠷᠣᠨ ᠤ ᠭᠤᠤᠯᠳᠠᠯᠭ᠎ᠠ ᠲᠠᠢ ᠬᠤᠲᠠ ᠨᠤᠭᠤᠳ ᠢᠶᠠᠷ ᠲᠣᠭᠲᠠᠭᠠᠪᠠ᠂ ᠡᠭᠦᠨ ᠳᠤ ᠬᠥᠬᠡᠬᠤᠲᠠ ᠪᠠ ᠪᠤᠭᠤᠲᠤ ᠬᠤᠲᠠ ᠶᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠭᠥᠭᠵᠢᠭᠦᠯᠬᠦ ᠨᠠᠭᠠᠲᠤ ᠵᠠᠬ᠎ᠠ ᠶᠢᠨ ᠭᠤᠤᠯᠳᠠᠯᠭ᠎ᠠ ᠲᠠᠢ ᠬᠤᠲᠠ ᠪᠣᠯᠭᠠᠨ᠎ᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠴᠢᠬᠤᠯᠠ ᠲᠠᠢ ᠪᠤᠰᠤᠳ ᠬᠤᠲᠠ ᠨᠤᠭᠤᠳ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠦᠭᠵᠢᠬᠦᠯᠬᠦ ᠬᠤᠲᠠ ᠤᠨ ᠵᠢᠭᠰᠠᠭᠠᠯ ᠳᠤ ᠣᠷᠤᠭᠤᠯᠤᠨ᠎ᠠ᠃ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠪᠠᠷ ᠱᠠᠭᠠᠷᠳᠠᠭᠰᠠᠨ ᠠᠶᠢᠮᠠᠭ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠬᠦ ᠲᠥᠯᠥᠪᠯᠡᠭᠡ ᠲᠣᠭᠲᠠᠭᠠᠵᠤ᠂ ᠪᠥᠲᠥᠭᠡᠨ ᠪᠠᠶᠢᠭᠤᠯᠬᠤ ᠠᠷᠭ᠎ᠠ ᠬᠡᠯᠪᠡᠷᠢ ᠶᠢ ᠲᠣᠳᠣᠷᠬᠠᠶᠢᠯᠠᠬᠤ ᠶᠢᠨ ᠬᠠᠮᠲᠤ ᠪᠣᠳᠠᠲᠠᠶ ᠬᠡᠷᠡᠭᠵᠢᠭᠦᠯᠬᠦ ᠠᠷᠭ᠎ᠠ ᠲᠣᠭᠲᠠᠭᠠᠬᠤ ᠬᠡᠷᠡᠭᠲᠡᠶ᠃      ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠨᠤᠭᠤᠳ ᠲᠤᠰ ᠭᠠᠵᠠᠷ ᠣᠷᠣᠨ ᠤ ᠬᠥᠭᠵᠢᠯᠲᠡ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠢᠨᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ ᠢ ᠨᠣᠲᠠᠯᠠᠨ ᠲᠣᠭᠲᠠᠭᠠᠭᠰᠠᠨ ᠦᠨᠡᠮᠯᠡᠬᠦ ᠪᠢᠴᠢᠭ ᠥᠭᠴᠦ ︵ᠪᠤᠶᠤ ᠡᠷᠬᠡ ᠣᠯᠭᠤᠭᠰᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠦᠨᠡᠮᠯᠡᠬᠦ ᠪᠢᠴᠢᠭ ᠣᠯᠭᠤᠨ᠎ᠠ︶᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠤᠬᠠᠢ ᠤᠯᠤᠰ ᠤᠨ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠨ ᠥᠭᠴᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠥᠪᠡᠷᠲᠡᠭᠡᠨ ᠵᠠᠰᠠᠭ ᠣᠷᠣᠨ ᠨᠢᠭᠡᠳᠦᠯᠲᠡᠢ ᠲᠥᠯᠥᠪᠯᠡᠬᠦ ᠲᠤᠰᠬᠠᠢ ᠵᠦᠢᠯ ᠤᠨ ᠪᠡᠯᠡ ᠮᠥᠩᠭᠦ ᠶᠢ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠲᠤ ᠣᠷᠣᠭᠤᠯᠤᠭᠰᠠᠨ ᠲᠥᠷᠥᠯ ᠵᠦᠢᠯ ᠲᠤ ᠵᠣᠬᠢᠬᠤ ᠪᠡᠯᠡ ᠮᠥᠩᠭᠦ ᠶᠢᠨ ᠲᠤᠰᠠᠯᠠᠮᠵᠢ ᠪᠠᠷ ᠣᠯᠭᠤᠨ᠎ᠠ᠃ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠪᠥᠬᠦ ᠣᠷᠣᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠂ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠳᠤ ᠪᠥᠬᠦ ᠶᠠᠪᠤᠴᠠ ᠳᠤ ᠨᠢ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠯ᠎ᠡ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠶᠢ ᠬᠦᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠨ ᠰᠢᠨᠵᠢᠵᠦ ᠦᠨᠡᠯᠡᠯᠲᠡ ᠬᠢᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠡᠷᠬᠡ ᠣᠯᠭᠤᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠠᠶᠢᠮᠠᠭ ᠬᠤᠲᠠ ᠶᠢᠨ ᠬᠥᠭᠵᠢᠯᠲᠡ ᠶᠢᠨ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠶᠢᠨ ᠪᠠᠶᠢᠳᠠᠯ ᠳᠤ ᠬᠢᠨᠠᠨ ᠰᠢᠨᠵᠢᠵᠦ ᠦᠨᠡᠯᠡᠯᠲᠡ ᠬᠢᠯᠭᠡᠨ᠎ᠡ᠂ ᠡᠯ᠎ᠡ ᠭᠠᠵᠠᠷ ᠰᠢᠮᠳᠠᠭᠤᠯᠵᠤ ᠪᠠᠶᠢᠭᠠᠳ ᠪᠠᠲᠤᠯᠠᠭ᠎ᠠ ᠶᠢᠨ ᠴᠢᠨᠠᠷᠲᠠᠶ ᠳᠦᠷᠢᠶᠡᠰᠦᠨ ᠣᠷᠣᠨ ᠰᠠᠭᠤᠴᠠ ᠶᠢᠨ ᠬᠠᠩᠭᠠᠯᠭ᠎ᠠ ᠶᠢ ᠪᠣᠳᠠᠲᠤ ᠪᠠᠶᠢᠳᠠᠯ ᠢᠶᠠᠨ ᠦᠨᠳᠦᠰᠦᠯᠡᠨ ᠨᠡᠮᠡᠭᠳᠡᠭᠦᠯᠦᠨ᠎ᠡ᠃ ᠡᠭᠦᠨ ᠤ ᠳᠠᠭᠠᠤ᠂ ᠡᠯ᠎ᠡ ᠭᠠᠵᠠᠷ ᠲᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号