ᠲᠠᠪᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ︽ᠨᠠᠢᠮᠠᠨ ᠮᠤᠵᠢ ᠬᠤᠶᠠᠷ ᠣᠷᠣᠨ︾ ᠤ ᠬᠡᠮᠵᠢᠶ᠎ᠡ ᠲᠠᠢ ᠪᠠᠷ ᠬᠤᠳᠠᠯᠳᠤᠨ  ᠠᠪᠬᠤ ᠡᠮ ᠲᠠᠩ ᠳᠤ ᠰᠤᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/20
      ᠥᠪᠥᠷ ᠡᠮ  ᠬᠤᠳᠠᠯᠳᠤᠨ ᠠᠪᠬᠤ ᠲᠥᠪ ᠦᠰᠦᠭ ﹇2021﹈ 214 ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽ᠳᠥᠷᠪᠡᠳᠦᠭᠡᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ︿ᠵᠢᠷᠭᠤᠭᠠᠨ ᠮᠤᠵᠢ ᠬᠤᠶᠠᠷ ᠣᠷᠣᠨ﹀ ‍ᠤ‌ᠮᠤᠵᠢ ᠶᠢᠨ ᠬᠤᠭᠤᠷᠣᠨᠳᠣᠬᠢ ᠬᠤᠯᠪᠤᠭᠠᠨ ᠤ ᠡᠮ ᠲᠠᠩ ᠢ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠪᠠᠳᠤᠯᠠᠭ᠎ᠠ ᠲᠠᠷᠬᠠᠭᠠᠭᠰᠠᠨ ﹇2021﹈ 9  ᠳ᠋ᠤᠭᠡᠷ ᠲᠣᠭᠠᠲᠤ︶ ᠪᠠ ᠬᠠᠮᠲᠤᠷᠠᠨ ᠬᠤᠳᠠᠯᠳᠤᠨ ᠠᠪᠬᠤ ᠠᠯᠪᠠᠨ ᠬᠡᠷ ᠤᠨ ᠨᠡᠶᠢᠲᠡᠯᠡᠭᠰᠡᠨ ᠰᠣᠩᠭᠤᠭᠳᠠᠭᠰᠠᠨ ᠦᠷ᠎ᠡ ᠳ᠋ᠦᠩ ᠢ ᠦᠨᠳᠦᠰᠦᠯᠡᠨ᠂ ᠡᠳᠦᠭᠡ ᠲᠠᠪᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ︽ᠨᠠᠢᠮᠠᠨ ᠮᠤᠵᠢ ᠬᠤᠶᠠᠷ ᠣᠷᠣᠨ︾ ᠤ ᠡᠮ ᠲᠠᠩ  ᠢ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠤᠭᠰᠠᠨ ᠦᠷ᠎ᠡ ᠳ᠋ᠦᠩ ᠤᠨ ᠬᠠᠮᠢᠶ᠎ᠠ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠡᠮ ᠲᠠᠩ ᠤᠨ ᠬᠡᠪᠴᠢᠶ᠎ᠡ      ᠲᠠᠪᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ︽ᠨᠠᠢᠮᠠᠨ ᠮᠤᠵᠢ ᠬᠤᠶᠠᠷ ᠣᠷᠣᠨ︾ ᠤ  ᠰᠤᠩᠭᠤᠭᠳᠠᠭᠰᠠᠨ ᠡᠮ ᠲᠠᠩ ᠢ ᠬᠡᠮᠵᠢᠶ᠎ᠡ ᠲᠠᠢ ᠪᠠᠷ ᠬᠤᠳᠠᠯᠳᠤᠨ ᠠᠪᠴᠤ᠂ ᠰᠤᠩᠭᠤᠭᠳᠠᠭᠰᠠᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠤ ᠰᠦᠯᠵᠢᠶᠡᠨ ᠳᠤ ᠬᠤᠯᠪᠤᠭᠰᠠᠨ ᠡᠮ ᠲᠠᠩ ᠤᠨ ᠭᠠᠷᠴᠠᠭ ᠲᠤ ᠣᠷᠣᠭᠤᠯᠤᠭᠰᠠᠨ ᠪᠠᠶᠢᠨ᠎ᠠ᠃      ᠬᠤᠶᠠᠷ᠂ ᠠᠵᠢᠯ ᠤᠨ ᠠᠭᠤᠯᠭ᠎ᠠ      ︵ᠨᠢᠭᠡ︶ CA ᠦᠨᠡᠮᠯᠡᠯ ᠢ ᠭᠦᠢᠴᠡᠳᠭᠡᠬᠦ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠤᠨ ᠲᠣᠭᠠᠴᠢᠯᠠᠭᠰᠠᠨ ᠦᠨᠡᠮᠯᠡᠯ ᠲᠠᠢ ᠪᠣᠯᠤᠭᠰᠠᠨ ᠠᠵᠤ ᠠᠬᠤᠶᠢᠯᠠᠯ ᠤᠳ ᠰᠢᠭᠤᠳ ᠬᠡᠷᠡᠭᠯᠡᠵᠦ ᠪᠣᠯᠤᠨ᠎ᠠ᠂ ᠳᠠᠭᠢᠵᠤ ᠭᠦᠢᠴᠡᠳᠭᠡᠬᠦ ᠴᠢᠬᠤᠯᠠ ᠥᠬᠡᠶ᠃ CA ᠦᠨᠡᠮᠯᠡᠯ ᠠᠪᠤᠭᠰᠠᠨ ᠥᠬᠡᠶ ᠠᠵᠤ ᠠᠬᠤᠶᠢᠯᠠᠯ CA ᠦᠨᠡᠮᠯᠡᠯ ᠢ ᠭᠦᠢᠴᠡᠳᠭᠡᠬᠦ ᠴᠢᠬᠤᠯᠠᠲᠠᠶ᠂ ᠭᠦᠢᠴᠡᠳᠭᠡᠬᠦ ᠶᠠᠪᠤᠴᠠ ᠶᠢ ᠳᠠᠭᠠᠯᠳᠤᠭᠤᠯᠤᠯ 1 ᠳᠤ ᠨᠠᠷᠢᠨ ᠦᠵᠡᠭᠡᠷᠡᠶ᠃      ︵ᠬᠤᠶᠠᠷ︶ ᠨᠠᠶᠢᠳᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠮᠡᠳᠡᠭᠦᠯᠦᠨ ᠬᠦᠷᠭᠡᠬᠦ᠃ ᠰᠤᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠡᠷᠬᠡᠪᠰᠢ ᠱᠠᠭᠠᠷᠳᠠᠯᠭ᠎ᠠ ᠶᠣᠰᠣᠭᠠᠷ ᠨᠠᠶᠢᠳᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠠᠲ᠋ᠧᠷᠢᠶᠠᠯ ᠢᠶᠠᠨ ᠮᠡᠳᠡᠭᠦᠯᠦᠨ  ᠬᠦᠷᠭᠡᠨ᠎ᠡ᠂ ᠮᠡᠳᠡᠭᠦᠯᠦᠨ ᠬᠦᠷᠭᠡᠬᠦ ᠮᠠᠲ᠋ᠧᠷᠢᠶᠠᠯ ᠤᠨ ᠱᠠᠭᠠᠷᠳᠠᠯᠭ᠎ᠠ ᠶᠢ ᠳᠠᠭᠠᠯᠳᠤᠭᠤᠯᠤᠯ 2 ᠲᠤ ᠨᠠᠷᠢᠨ ᠦᠵᠡᠭᠡᠷᠡᠶ᠃      ᠮᠡᠳᠡᠭᠦᠯᠦᠨ ᠬᠦᠷᠭᠡᠬᠦ ᠴᠠᠭ᠄ 2021 ᠣᠨ ᠤ 10 ᠳ᠋ᠤᠭᠠᠷ ᠰᠠᠷ᠎ᠠ ᠶᠢᠨ 18 ᠤ ᠡᠳᠦᠷ — 25 ᠤ ᠡᠳᠦᠷ ᠤᠨ 17᠄ 00 ᠴᠠᠭ ᠠᠴᠠ ᠡᠮᠦᠨ᠎ᠡ᠃      ︵ᠭᠤᠷᠪᠠ︶ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ᠃ ᠰᠤᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠲᠡᠭᠦᠨ ᠤ ᠨᠠᠶᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ  ᠰᠦᠯᠵᠢᠶ᠎ᠡ ᠶᠢᠨ ︽ᠡᠮ ᠲᠠᠩ ᠤᠨ ᠠᠷᠠᠯᠵᠢᠶ᠎ᠠ ᠶᠢᠨ ᠰᠢᠰᠲ᠋ᠧᠮ︾ ᠳᠤ ᠣᠷᠣᠵᠤ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠨᠢ ᠰᠤᠩᠭᠤᠭᠳᠠᠭᠰᠠᠨ ᠡᠮ ᠲᠠᠩ ᠢ ᠪᠠᠶᠢᠩᠭᠤ ᠬᠡᠷᠡᠭᠯᠡᠬᠦ ᠬᠤᠳᠠᠯᠳᠤᠨ ᠠᠪᠬᠤ ᠭᠠᠷᠴᠠᠭ ᠲᠤ ᠰᠣᠩᠭᠤᠨ ᠣᠷᠣᠭᠤᠯᠬᠤ ᠶᠢᠨ ᠬᠠᠮᠲᠤ ᠰᠤᠩᠭᠤᠭᠳᠠᠭᠰᠠᠨ ᠡᠮ ᠲᠠᠩ ᠳᠤ ᠨᠢᠭᠡᠨᠲᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠲᠣᠷ᠎ᠠ ᠠᠴᠠ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠨ ᠲᠣᠭᠲᠠᠭᠠᠨ᠎ᠠ᠃    ︵ᠲᠦᠷᠪᠡ︶ ᠡᠯᠧᠺᠲᠷᠣᠨ ᠵᠥᠪᠯᠡᠯᠴᠡᠭᠡᠷ ᠲᠣᠭᠲᠠᠭᠠᠬᠤ᠃ ᠡᠯ᠎ᠡ ᠨᠢᠭᠡᠴᠢ 2021 ᠣᠨ ᠤ 10 ᠳ᠋ᠤᠭᠠᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠶᠢᠨ ︽ᠡᠮ ᠲᠠᠩ ᠤᠨ ᠠᠷᠠᠯᠵᠢᠶᠠᠨ ᠤ ᠰᠢᠰᠲ᠋ᠧᠮ︾ ᠳᠤ ᠣᠷᠣᠵᠤ ᠵᠥᠪᠯᠡᠯᠴᠡᠭᠡᠷ ᠲᠣᠭᠲᠠᠬᠤ ᠠᠵᠢᠯ ᠢ ᠦᠷᠨᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠲᠤᠰ ᠲᠤᠰ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠲᠠᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠣᠳᠣᠬᠤ ᠨᠠᠶᠢᠳᠠᠯᠭ᠎ᠠ ᠶᠢᠨ ᠡᠯᠧᠺᠲᠷᠣᠨ ᠵᠥᠪᠯᠡᠯᠴᠡᠭᠡᠷ︾ ᠢ ᠲᠣᠭᠲᠠᠵᠤ᠂ ᠰᠤᠩᠭᠤᠭᠳᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠦᠢᠯᠡᠳᠪᠦᠷᠢᠯᠡᠬᠦ ᠠᠵᠤ ᠠᠬᠤᠶᠢᠯᠠᠯ ᠤᠨ ᠨᠠᠶᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠪᠠ ᠪᠣᠷᠣᠯᠠᠭᠤᠯᠬᠤ ᠡᠯᠧᠺᠲᠷᠣᠨ ᠵᠥᠪᠯᠡᠯᠴᠡᠭᠡᠷ︾ ᠢ ᠲᠣᠭᠲᠠᠵᠤ᠂ ᠦᠢᠯᠡᠳᠪᠦᠷᠢᠯᠡᠬᠦ ᠠᠵᠤ ᠠᠬᠤᠶᠢᠯᠠᠯ ᠤᠨ ᠨᠠᠶᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ᠂ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠬᠤᠳᠠᠯᠳᠤᠨ ᠠᠪᠬᠤ ᠲᠥᠪ ᠯᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠤᠳᠤᠬᠤ ᠡᠯᠧᠺᠲᠷᠣᠨ ᠵᠥᠪᠯᠡᠯᠴᠡᠭᠡᠷ︾ ᠢ ᠲᠣᠭᠲᠠᠵᠤ᠂ ᠡᠭᠦᠨ ᠳᠤ ᠡᠮᠴᠢᠯᠡᠭᠡᠨ ᠤ ᠪᠠᠶᠢᠭᠤᠯᠤᠮᠵᠢ ᠬᠢᠭᠡᠳ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠬᠤᠳᠠᠯᠳᠤᠨ ᠠᠪᠬᠤ ᠲᠥᠪ ᠯᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠤᠳᠤᠬᠤ ᠨᠠᠶᠢᠳᠠᠯᠭ᠎ᠠ ᠶᠢᠨ ᠡᠯᠧᠺᠲᠷᠣᠨ ᠵᠥᠪᠯᠡᠯᠴᠡᠭᠡᠷ︾ ᠢ ᠨᠢᠭᠡᠨᠲᠡ ᠲᠣᠭᠲᠠᠭᠰᠠᠨ ᠪᠠᠶᠢᠪᠠᠯ ᠳᠠᠪᠬᠤᠷᠳᠠᠭᠤᠯᠤᠨ ᠲᠣᠭᠲᠠᠭᠠᠬᠤ ᠴᠢᠬᠤᠯᠠ ᠥᠬᠡᠶ᠃      ︵ᠲᠠᠪᠤ︶ ᠬᠤᠳᠠᠯᠳᠤᠨ ᠠᠪᠬᠤ ᠲᠤᠭ᠎ᠠ ᠬᠡᠮᠵᠢᠶ᠎ᠡ ᠶᠢ ᠵᠠᠳᠠᠯᠬᠤ᠃ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠲᠦᠷᠦᠭᠦᠤ ᠵᠢᠯ ᠤᠨ ᠡᠯ᠎ᠡ ᠲᠥᠷᠥᠯ ᠵᠦᠢᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠬᠤᠯᠪᠤᠭᠠᠯᠠᠨ ᠬᠤᠳᠠᠯᠳᠤᠨ ᠠᠪᠬᠤ ᠠᠯᠪᠠᠨ ᠬᠡᠷ ᠤᠨ ᠨᠡᠶᠢᠲᠡᠯᠡᠭᠰᠡᠨ ︽ᠪᠥᠬᠦ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠪᠢᠴᠢᠭ ᠮᠠᠲ᠋ᠧᠷᠢᠶᠠᠯ ︵GY-YD2021-2︶︾ ᠪᠠ ︽︿ᠨᠠᠢᠮᠠᠨ ᠮᠤᠵᠢ ᠬᠤᠶᠠᠷ ᠣᠷᠣᠨ﹀ ᠤ ᠮᠤᠵᠢ ᠶᠢᠨ ᠬᠤᠭᠤᠷᠣᠨᠳᠣᠬᠢ ᠬᠤᠯᠪᠤᠭᠠᠯᠠᠨ ᠡᠮ ᠲᠠᠩ ᠢ ᠲᠥᠪᠯᠡᠷᠡᠭᠦᠯᠦᠨ ᠠᠪᠴᠤ ᠬᠤᠳᠠᠯᠳᠤᠨ ᠠᠪᠬᠤ ᠪᠢᠴᠢᠭ ᠮᠠᠲ᠋ᠧᠷᠢᠶᠠᠯ︾ ︵HLJ-YPDL2021-1︶ ᠤᠨ ᠬᠤᠯᠪᠣᠭᠳᠠᠯ ᠪᠥᠬᠦᠶ ᠲᠦᠷᠢᠮ ᠢᠶᠠᠷ ᠲᠣᠭᠲᠠᠭᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ  ᠬᠤᠳᠠᠯᠳᠤᠨ ᠠᠪᠬᠤ ᠪᠠ ᠪᠣᠷᠣᠯᠠᠭᠤᠯᠬᠤ ᠡᠯᠧᠺᠲᠷᠣᠨ ᠵᠥᠪᠯᠡᠯᠴᠡᠭᠡᠷ ᠲᠣᠭᠲᠠᠬᠤ ᠳᠠᠭᠠᠨ᠂ ᠡᠯ᠎ᠡ ᠲᠥᠷᠥᠯ ᠵᠦᠢᠯ ᠤᠨ ᠲᠦᠷᠦᠭᠦᠤ ᠵᠢᠯ ᠤᠨ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠨᠢᠭᠡ ᠨᠢᠭᠡ ᠪᠠᠷ ᠰᠦᠯᠵᠢᠶᠡᠨ ᠳᠤ ᠬᠤᠯᠪᠤᠭᠰᠠᠨ ᠰᠤᠩᠭᠤᠭᠳᠠᠭᠰᠠᠨ ᠡᠮ ᠲᠠᠩ ᠳᠤ ᠬᠤᠪᠢᠶᠠᠷᠢᠯᠠᠨ ᠤᠷᠤᠭᠤᠯᠤᠨ᠎ᠠ᠃      ︵ᠵᠢᠷᠭᠤᠭ᠎ᠠ︶ ᠬᠤᠳᠠᠯᠳᠤᠨ ᠠᠪᠬᠤ ᠪᠠᠷᠠᠭᠠᠨ ᠤ ᠵᠣᠭᠤᠰ ᠢ ᠤᠷᠢᠳᠴᠢᠯᠠᠨ ᠰᠠᠯᠭᠠᠨ ᠥᠭᠬᠦ᠃ ᠮᠠᠨ ᠤ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠱᠠᠭᠠᠷᠳᠠᠯᠭ᠎ᠠ ᠶᠣᠰᠣᠭᠠᠷ᠂ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠨᠢ ᠮᠠᠨ ᠤ ᠲᠥᠪ ᠤᠨ ᠪᠠᠭᠤᠯᠭᠠᠭᠰᠠᠨ ᠪᠠᠷᠠᠭᠠᠨ ᠤ ᠵᠣᠭᠤᠰ ᠢ ᠤᠷᠢᠳᠴᠢᠯᠠᠨ ᠰᠠᠯᠭᠠᠨ ᠥᠭᠬᠦ ᠵᠠᠬᠢᠳᠠᠯ ᠢ ᠦᠨᠳᠦᠰᠦᠯᠡᠨ ᠰᠤᠩᠭᠤᠭᠳᠠᠭᠰᠠᠨ ᠡᠮ ᠲᠠᠩ ᠤᠨ ᠪᠠᠷᠠᠭᠠᠨ ᠤ ᠵᠣᠭᠤᠰ ᠢ ᠴᠠᠭ ᠲᠤᠬᠠᠶ ᠳᠤᠨᠢ ᠤᠷᠢᠳᠴᠢᠯᠠᠨ ᠰᠠᠯᠭᠠᠨ ᠥᠭᠴᠦ᠂ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠰᠠᠯᠭᠠᠨ ᠥᠭᠬᠦ ᠪᠠᠷᠠᠭᠠᠨ ᠤ ᠵᠣᠭᠤᠰ ᠤᠨ ᠲᠤᠭ᠎ᠠ ᠬᠡᠮᠵᠢᠶ᠎ᠡ ᠶᠢᠨ ᠳᠣᠲᠣᠷ᠎ᠠ ᠬᠤᠳᠠᠯᠳᠤᠨ ᠠᠪᠬᠤ ᠶᠢ ᠦᠨᠡᠨᠬᠦ ᠪᠠᠲᠤᠯᠠᠨ᠎ᠠ᠃      ᠭᠤᠷᠪᠠ᠂ ᠬᠤᠳᠠᠯᠳᠤᠨ ᠠᠪᠬᠤ ᠱᠠᠭᠠᠷᠳᠠᠯᠭ᠎ᠠ      ︵ᠨᠢᠭᠡ︶ ᠬᠤᠳᠠᠯᠳᠤᠨ ᠠᠪᠬᠤ ᠪᠠ ᠬᠥᠮᠥᠷᠭᠡ ᠳᠤ ᠣᠷᠣᠭᠤᠯᠬᠤ᠃ ᠡᠮᠴᠢᠯᠡᠭᠡᠨ ᠤ ᠪᠠᠶᠢᠭᠤᠯᠤᠮᠵᠢ ᠨᠢ ᠪᠣᠳᠠᠲᠠᠶ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠰᠤᠩᠭᠤᠭᠳᠠᠭᠰᠠᠨ ᠡᠮ ᠲᠠᠩ ᠢ ᠬᠤᠳᠠᠯᠳᠤᠨ ᠠᠪᠬᠤ ᠶᠢᠨ ᠬᠠᠮᠲᠤ ᠪᠠᠷᠢᠮᠲᠠ ᠶᠢ ᠬᠠᠷᠭᠤᠭᠤᠯᠤᠨ ᠰᠢᠯᠭᠠᠵᠤ᠂ ᠪᠢᠯᠧᠲ ᠪᠠ ᠪᠠᠷᠠᠭ᠎ᠠ ᠨᠢ ᠬᠠᠷᠢᠯᠴᠠᠨ ᠳᠣᠭᠢᠷᠬᠠᠰᠠᠨ ᠢ ᠨᠢ ᠴᠠᠭ ᠲᠤᠬᠠᠶ ᠳᠤᠨᠢ ᠰᠢᠯᠭᠠᠨ ᠬᠤᠷᠢᠶᠠᠵᠤ ᠬᠥᠮᠥᠷᠭᠡ ᠳᠤ ᠣᠷᠣᠭᠤᠯᠤᠨ᠎ᠠ᠃ ᠬᠤᠳᠠᠯᠳᠤᠨ ᠠᠪᠬᠤ ᠳᠤ ᠰᠤᠩᠭᠤᠭᠳᠠᠭᠰᠠᠨ ᠡᠮ ᠲᠠᠩ ᠢ ᠵᠠᠷᠴᠢᠮ ᠳᠡᠭᠡᠷ᠎ᠡ ᠪᠠᠨ ᠪᠤᠴᠠᠭᠠᠵᠤ ᠪᠣᠯᠬᠤ ᠥᠭᠡᠢ ︵ᠣᠨᠴᠣᠭᠤᠶ ᠪᠠᠶᠢᠳᠠᠯ ᠡᠭᠦᠨ ᠳᠤ ᠪᠠᠭᠲᠠᠬᠤ ᠥᠭᠡᠢ︶᠃      ︵ᠬᠤᠶᠠᠷ︶ ᠡᠮ ᠲᠠᠩ ᠢ ᠳᠣᠭᠢᠷᠠᠭᠤᠯᠤᠨ ᠬᠦᠷᠭᠡᠬᠦ᠃ ᠦᠢᠯᠡᠳᠪᠦᠷᠢᠯᠡᠯ ᠤᠨ ᠠᠵᠤ ᠠᠬᠤᠶᠢᠯᠠᠯ ᠪᠣᠯ ᠡᠮ ᠲᠠᠩ ᠤᠨ ᠬᠠᠩᠭᠠᠯᠭ᠎ᠠ ᠶᠢ ᠳᠣᠭᠢᠷᠠᠭᠤᠯᠤᠨ ᠬᠦᠷᠭᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤᠷ ᠡᠮ ᠲᠠᠩ ᠢ ᠴᠠᠭ ᠲᠤᠬᠠᠶ ᠳᠤᠨᠢ ᠭᠦᠢᠴᠡᠳ ᠬᠡᠮᠵᠢᠶ᠎ᠡ ᠪᠠᠷ ᠬᠠᠩᠭᠠᠬᠤ ᠶᠢ ᠪᠠᠲᠤᠯᠠᠬᠤ ᠬᠡᠷᠡᠭᠲᠡᠶ᠃ ᠡᠮ ᠲᠠᠩ ᠦᠢᠯᠡᠳᠪᠦᠷᠢᠯᠡᠬᠦ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ ᠶᠢ ᠭᠥᠯᠢᠶᠡᠨ ᠠᠪᠤᠭᠰᠠᠨ ᠠᠴᠠ ᠡᠬᠢᠯᠡᠨ᠂ 72 ᠴᠠᠭ ᠤᠨ ᠳᠣᠲᠣᠷ᠎ᠠ ᠴᠠᠭ ᠲᠤᠬᠠᠶ ᠳᠤᠨᠢ ᠭᠦᠢᠴᠡᠳ ᠬᠡᠮᠵᠢᠶᠡᠨ ᠤ ᠳᠣᠭᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠪᠣᠳᠠᠲᠠᠶᠢᠵᠢᠭᠤᠯᠤᠨ᠎ᠠ᠃ ᠡᠮ ᠲᠠᠩ ᠦᠢᠯᠡᠳᠪᠦᠷᠢᠯᠡᠬᠦ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠡᠮ  ᠲᠠᠩ ᠢ ᠳᠣᠭᠢᠷᠠᠭᠤᠯᠤᠨ ᠬᠦᠷᠭᠡᠬᠦ ᠳᠡᠭᠡᠨ ᠪᠠᠷᠠᠭᠠᠨ ᠤ ᠪᠠᠷᠢᠮᠲᠠ ᠶᠢ ᠵᠡᠷᠭᠡᠪᠡᠷ ᠶᠠᠪᠤᠭᠤᠯᠵᠤ᠂ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠰᠲ᠋ᠧᠮ ᠳᠤ ᠳᠠᠮᠵᠢᠭᠤᠯᠬᠤ ᠬᠡᠷᠡᠭᠲᠡᠶ ᠪᠥᠭᠡᠳ ᠪᠠᠷᠢᠮᠲᠠ ᠳᠤ ᠪᠤᠰᠤᠳ ᠡᠰᠡ ᠰᠤᠩᠭᠤᠭᠳᠠᠭᠰᠠᠨ ᠡᠮ ᠲᠠᠩ ᠢ ᠬᠤᠯᠢᠯᠳᠤᠭᠤᠯᠵᠤ ᠪᠣᠯᠬᠤ ᠥᠬᠡᠶ᠃      ︵ᠭᠤᠷᠪᠠ︶ ᠪᠠᠷᠠᠭᠠᠨ ᠤ ᠵᠣᠭᠤᠰ ᠢ ᠳ᠋ᠦᠩᠨᠡᠨ ᠪᠤᠳᠤᠬᠤ᠃ ᠰᠤᠩᠭᠤᠭᠳᠠᠭᠰᠠᠨ ᠡᠮ ᠲᠠᠩ ᠢ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ ᠰᠢᠰᠲ᠋ᠧᠮ ᠨᠢ ᠳ᠋ᠦᠩᠨᠡᠨ ᠪᠤᠳᠤᠬᠤ ᠬᠠᠭᠤᠳᠠᠰᠤ ᠶᠢ ᠠᠶᠠᠨᠳᠠᠭᠠᠨ ᠪᠣᠶ ᠪᠣᠯᠭᠠᠵᠤ᠂ ᠡᠮᠴᠢᠯᠡᠭᠡᠨ ᠤ ᠪᠠᠶᠢᠭᠤᠯᠤᠮᠵᠢ ᠨᠢ 15 ᠡᠳᠦᠷ ᠤᠨ ᠳᠣᠲᠣᠷ᠎ᠠ ᠡᠳ᠋ ᠤᠨ ᠶᠠᠪᠤᠳᠠᠯ ᠤᠨ ᠲᠠᠮᠠᠭ᠎ᠠ ᠪᠠ ᠬᠠᠤᠯᠢ ᠶᠢᠨ ᠡᠷᠬᠡᠲᠡᠨ ᠤ ᠲᠠᠮᠠᠭ᠎ᠠ ᠲᠠᠷᠤᠵᠦ ᠭᠠᠷ ᠤᠨ ᠥᠰᠥᠭ ᠵᠢᠷᠤᠬᠤ ᠬᠡᠷᠡᠭᠲᠡᠶ᠂ ᠲᠣᠭᠲᠠᠭᠰᠠᠨ ᠬᠤᠭᠤᠴᠠᠭᠠᠨ ᠳᠤ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠥᠬᠡᠶ ᠳ᠋ᠦᠩᠨᠡᠨ ᠪᠤᠳᠤᠬᠤ ᠬᠠᠭᠤᠳᠠᠰᠤ ᠨᠢ ᠰᠢᠰᠲ᠋ᠧᠮ ᠠᠶᠠᠨᠳᠠᠭᠠᠨ ᠣᠷᠣᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠡᠮ ᠲᠠᠩ ᠬᠤᠳᠠᠯᠳᠤᠨ ᠠᠪᠬᠤ ᠲᠥᠪ ᠨᠢ ᠰᠤᠩᠭᠤᠭᠳᠠᠭᠰᠠᠨ ᠡᠮ ᠲᠠᠩ ᠢ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠵᠣᠭᠤᠰ ᠲᠤᠰᠢᠶᠠᠬᠤ ᠶᠢ ᠦᠨᠡᠨᠬᠦ ᠪᠠᠲᠤᠯᠠᠵᠤ᠂ ᠡᠯ᠎ᠡ ᠬᠠᠮᠢᠶ᠎ᠠ ᠪᠥᠬᠦᠶ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠡᠮ ᠲᠠᠩ ᠬᠤᠳᠠᠯᠳᠤᠨ ᠠᠪᠴᠦ ᠳ᠋ᠦᠩᠨᠡᠨ ᠪᠤᠳᠤᠬᠤ ᠰᠢᠰᠲ᠋ᠧᠮ ᠠᠴᠠ ᠪᠠᠩᠬᠢ ᠶᠢᠨ ᠭᠠᠷᠭᠠᠭᠰᠠᠨ ᠡᠯ᠎ᠡ ᠲᠥᠷᠥᠯ ᠤᠨ ᠬᠠᠷᠢᠭᠤ ᠬᠠᠭᠤᠳᠠᠰᠤ ᠶᠢ ᠪᠠᠭᠤᠯᠭᠠᠨ ᠠᠪᠴᠤ ᠲᠣᠰ ᠲᠣᠰ ᠵᠣᠬᠢᠬᠤ ᠲᠠᠩᠰᠠ ᠬᠠᠷ᠎ᠠ ᠶᠢ ᠰᠢᠢᠳᠪᠦᠷᠢᠯᠡᠨ᠎ᠡ᠃      ᠳᠥᠷᠪᠡ᠂  ᠭᠦᠢᠴᠡᠳᠭᠡᠬᠦ ᠴᠠᠭ      2021 ᠣᠨ ᠤ 10 ᠳ᠋ᠤᠭᠠᠷ ᠰᠠᠷ᠎ᠠ ᠶᠢᠨ 28 ᠤ ᠡᠳᠦᠷ ᠤᠨ ᠲᠡᠭ ᠴᠠᠭ ᠠᠴᠠ ᠡᠬᠢᠯᠡᠵᠦ ᠬᠡᠷᠡᠭᠵᠢᠭᠦᠯᠦᠨ᠎ᠡ      ᠲᠠᠪᠤ᠂ ᠪᠤᠰᠤᠳ ᠵᠦᠢᠯ ᠤᠳ      ︵ᠨᠢᠭᠡ︶ ᠬᠡᠰᠡᠭ ᠰᠤᠩᠭᠤᠭᠳᠠᠭᠰᠠᠨ ᠡᠮ ᠲᠠᠩ ᠤᠨ ᠳᠤᠲᠠᠭᠤ ᠲᠣᠷᠭᠤᠨ ᠬᠡᠪ ᠪᠠᠷᠢᠮᠵᠢᠶ᠎ᠠ ᠶᠢ ᠦᠨ᠎ᠡ ᠯᠠᠪᠯᠠᠭᠰᠠᠨ ᠦᠷ᠎ᠡ ᠳ᠋ᠦᠩ ᠢ ᠲᠣᠭᠲᠠᠭᠠᠭᠰᠠᠨ ᠤ ᠳᠠᠷᠠᠭ᠎ᠠ ᠡᠮ ᠲᠠᠩ ᠢ ᠬᠤᠳᠠᠯᠳᠤᠨ ᠠᠪᠬᠤ ᠰᠢᠰᠲ᠋ᠧᠮ ᠳᠤ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠬᠡᠯᠡᠯᠴᠡᠭᠡᠷ ᠲᠣᠭᠲᠠᠬᠤ ᠳᠠᠭᠠᠨ ᠪᠣᠳᠠᠲᠠᠶ ᠰᠦᠯᠵᠢᠶᠡᠨ ᠳᠤ ᠬᠤᠯᠪᠤᠭᠰᠠᠨ ᠡᠮ ᠲᠠᠩ ᠤᠨ ᠶᠣᠰᠣᠭᠠᠷ ᠬᠤᠳᠠᠯᠳᠤᠨ ᠠᠪᠬᠤ ᠬᠡᠮᠵᠢᠶ᠎ᠡ ᠶᠢ ᠵᠠᠳᠠᠯᠬᠤ ᠬᠡᠷᠡᠭᠲᠡᠶ᠃      ︵ᠬᠤᠶᠠᠷ︶ ᠲᠣᠰ ᠮᠡᠳᠡᠭᠳᠡᠯ ᠤᠨ ᠪᠤᠰᠤᠳ ᠰᠢᠢᠳᠪᠦᠷᠢᠯᠡᠵᠦ ᠳᠠᠭᠤᠰᠤᠭᠠᠳᠤᠶ ᠵᠦᠢᠯᠡᠰ ᠢ ᠲᠠᠪᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ︽ᠨᠠᠢᠮᠠᠨ ᠮᠤᠵᠢ ᠬᠤᠶᠠᠷ ᠣᠷᠣᠨ︾ ᠤ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠭᠠᠷ ᠤᠨ ᠥᠰᠥᠭ ᠵᠢᠷᠤᠭᠰᠠᠨ ᠬᠡᠯᠡᠯᠴᠡᠭᠡᠷ ᠤᠨ ᠪᠣᠯᠵᠤᠭ᠎ᠠ ᠶᠣᠰᠣᠭᠠᠷ ᠬᠡᠷᠡᠭᠵᠢᠭᠦᠯᠦᠭᠡᠷᠡᠶ᠃      ᠳᠠᠭᠠᠯᠳᠤᠭᠤᠯᠤᠯ᠄      1᠂ CA ᠦᠨᠡᠮᠯᠡᠯ ᠵᠢᠴᠢ ᠡᠯᠧᠺᠲᠷᠣᠨ ᠵᠦᠪᠳᠡᠯᠴᠡᠭᠡᠷ ᠤᠨ ᠮᠡᠳᠡᠭᠡ ᠵᠠᠩᠭᠢ ᠶᠢ ᠭᠦᠢᠴᠡᠳᠭᠡᠬᠦ ᠴᠤᠪᠤᠷᠠᠯ      2᠂ ᠲᠠᠪᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠪᠠ ︽ᠨᠠᠢᠮᠠᠨ ᠮᠤᠵᠢ ᠬᠤᠶᠠᠷ ᠣᠷᠣᠨ︾ ᠤ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠰᠤᠩᠭᠤᠭᠳᠠᠭᠰᠠᠨ ᠠᠵᠤ ᠠᠬᠤᠶᠢᠯᠠᠯ ᠤᠨ ᠨᠠᠶᠢᠳᠠᠵᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ ᠵᠢᠴᠢ ᠦᠯᠢᠭᠡᠷ ᠤᠨ ᠬᠦᠰᠦᠨᠦᠭᠲᠦ      3᠂ ᠲᠠᠪᠤᠳᠤᠭᠠᠷ ᠪᠦᠯᠦᠭ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ︵ᠥᠪᠥᠷ ᠮᠣᠩᠭᠤᠯ︶ ᠳᠤ ᠰᠣᠩᠭᠤᠭᠳᠠᠭᠰᠠᠨ ᠤ ᠳᠠᠷᠠᠭ᠎ᠠ ᠬᠠᠩᠭᠠᠬᠤ ᠡᠮ ᠲᠠᠩ ᠤᠨ ᠲᠣᠳᠣᠷᠬᠠᠶ ᠬᠠᠭᠤᠳᠠᠰᠤ      4᠂ ︽ᠨᠠᠢᠮᠠᠨ ᠮᠤᠵᠢ ᠬᠤᠶᠠᠷ ᠣᠷᠣᠨ︾ ᠤ ᠮᠤᠵᠢ ᠶᠢᠨ ᠬᠤᠭᠤᠷᠣᠨᠳᠣᠬᠢ ᠬᠤᠯᠪᠣᠭᠠᠨ ᠤ ᠡᠮ ᠲᠠᠩ ᠢ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠠᠪᠤᠴᠠ ᠠᠴᠠ ᠰᠤᠩᠭᠤᠭᠳᠠᠭᠰᠠᠨ ᠦᠷ᠎ᠡ ᠳ᠋ᠦᠩ ᠤᠨ ᠬᠦᠰᠦᠨᠦᠭᠲᠦ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 10 ᠳ᠋ᠤᠭᠠᠷ ᠰᠠᠷ᠎ᠠ ᠶᠢᠨ 18 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号