︽ᠰᠢᠯᠢᠳᠡᠭ︾ ᠲᠡᠰ ᠢᠶᠠᠷ ᠦᠨᠡᠯᠡᠭᠳᠡᠪᠡ  ᠤᠯᠤᠰ ᠤᠨ ᠲᠣᠪᠴᠢᠶ᠎ᠠ ᠮᠠᠨ ᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠯ ᠤᠨ ᠪᠠᠶᠢᠭᠤᠯᠤᠯᠲᠠ ᠶᠢ ᠰᠠᠶᠢᠰᠢᠶᠠᠨ ᠦᠨᠡᠯᠡᠪᠡ
ᠨᠡᠶᠢᠲᠡᠯᠡᠭᠰᠡᠨ ᠴᠠᠭ᠄
2021/10/21
      ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ ᠴᠢᠭ ᠡᠴᠦᠰ ᠤᠨ ᠬᠤᠭᠤᠴᠠᠭᠠᠨ ᠤ ᠦᠨᠡᠯᠡᠯᠲᠡ ᠳᠤ ︽ᠰᠢᠯᠢᠳᠡᠭ︾ ᠢᠶᠠᠷ ᠦᠨᠡᠯᠡᠭᠳᠡᠪᠡ      ᠣᠶᠢᠷ᠎ᠠ ᠳᠤ᠂ ᠮᠠᠨ ᠤ ᠬᠤᠲᠠ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ‍ ᠴᠢᠭ ᠤᠨ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠳᠤ ︽ᠰᠢᠯᠢᠳᠡᠭ︾ ᠢᠶᠠᠷ ᠦᠨᠡᠯᠡᠭᠳᠡᠵᠦ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠵᠠᠬᠢᠳᠠᠯ ᠢᠷᠡᠭᠦᠯᠵᠦ ᠨᠤᠲᠠᠯᠠᠭᠰᠠᠨ ᠨᠢ᠄ ︽ᠲᠠᠨ ᠤ ᠨᠢᠭᠡᠴᠢ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ‍ ᠴᠢᠭ ᠲᠤ ᠤᠷᠤᠭᠰᠠᠨ ᠠᠴᠠ ᠨᠠᠰᠢ᠂ ᠡᠮᠴᠢᠯᠡᠭᠡ ᠶᠢᠨ ᠪᠠᠳᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ᠂ ᠰᠢᠰᠲ᠋ᠧᠮ ᠤᠨ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢᠲᠡᠶ ᠠᠬᠢᠯᠲᠠ ᠲᠠᠢ ᠪᠣᠯᠪᠠ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠶᠢᠨ ᠪᠠᠳᠤᠯᠠᠭ᠎ᠠ ᠶᠢᠨ ᠬᠡᠷᠡᠭ ᠤᠨ ᠡᠮᠦᠨᠡᠬᠢ ᠪᠠ ᠬᠡᠷᠡᠭ ᠤᠨ ᠳᠤᠮᠳᠠᠬᠢ ᠬᠢᠨᠠᠨ ᠡᠵᠡᠮᠳᠡᠬᠦ ᠰᠢᠰᠲ᠋ᠧᠮ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠲᠠᠩ ᠤᠨ ︿ᠣᠷᠣᠭᠤᠯᠬᠤ ᠪᠣᠷᠣᠯᠠᠭᠤᠯᠬᠤ ᠬᠠᠳᠠᠭᠠᠯᠠᠬᠤ﹀ ᠬᠠᠮᠢᠶᠠᠷᠤᠯᠲᠠ ᠶᠢ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠲᠣᠰ ᠪᠡᠶ᠎ᠡ ᠶᠢᠨ ᠣᠨᠣᠰᠢᠯᠠᠨ ᠡᠮᠨᠡᠬᠦ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠶᠢ ᠵᠣᠷᠢᠭᠵᠢᠭᠤᠯᠬᠤ ᠲᠠᠯ᠎ᠠ ᠪᠠᠷ ᠬᠢ ᠬᠠᠶᠢᠨ ᠰᠥᠪᠡᠭᠴᠢᠯᠡᠯᠲᠡ ᠨᠢ ᠵᠣᠬᠢᠬᠤ ᠬᠡᠮᠵᠢᠶᠡᠨ ᠤ ᠯᠠᠪᠯᠠᠯᠲᠠ ᠪᠣᠯᠭᠠᠬᠤ ᠠᠴᠢ ᠬᠤᠯᠪᠣᠭᠳᠠᠯ ᠲᠠᠢ ᠶᠤᠮ︾ ᠭᠡᠵᠡᠶ᠃
     ᠮᠠᠨ ᠤ ᠬᠤᠲᠠ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠳᠤ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠤᠯᠤᠰ ᠤᠨ ᠵᠢᠱᠢᠶ᠎ᠡ ᠦᠵᠡᠭᠦᠯᠬᠦ‍ ᠴᠢᠭ ᠢᠶᠠᠷ ᠲᠣᠭᠳᠠᠭᠠᠭᠳᠠᠭᠰᠠᠨ ᠠᠴᠠ ᠨᠠᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠤᠷ᠎ᠠ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠳᠡᠯᠭᠡᠭᠦᠷ ᠤᠨ ︽ᠬᠤᠶᠠᠷ ᠬᠦᠷᠳᠦ ᠪᠠᠷ ᠬᠥᠳᠡᠯᠭᠡᠭᠦᠷ ᠪᠣᠯᠭᠠᠵᠤ᠂ ᠨᠢᠭᠡ ᠴᠤᠭᠴᠠᠵᠢᠭᠤᠯᠤᠨ ᠠᠬᠢᠭᠤᠯᠬᠤ︾ ᠣᠶᠤᠨᠴᠢᠯᠠᠭᠰᠠᠨ ᠠᠬᠢᠭᠤᠯᠬᠤ ᠪᠠᠶᠢᠯᠳᠤᠬᠤ ᠪᠣᠳᠣᠯᠭ᠎ᠠ ᠶᠢ ᠲᠣᠭᠲᠠᠭᠠᠭᠰᠠᠨ ᠪᠠᠶᠢᠨ᠎ᠠ᠃ ᠬᠤᠶᠠᠷ ᠵᠢᠯ ᠭᠠᠷᠤᠶ ᠶᠢᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠡᠮᠴᠢᠯᠡᠭᠡ ᠶᠢᠨ ᠪᠠᠳᠤᠯᠠᠭ᠎ᠠ ᠶᠢᠨ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭ᠎ᠠ ᠤᠶᠤᠯᠢᠭ ᠬᠢᠨᠠᠨ ᠡᠵᠡᠮᠳᠡᠬᠦ ᠰᠢᠰᠲ᠋ᠧᠮ ᠢ ᠨᠢᠭᠡᠨᠲᠡ ᠪᠠᠶᠢᠭᠤᠯᠤᠨ ᠳᠠᠭᠤᠰᠬᠠᠵᠤ᠂ ᠡᠮ ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ ᠰᠢᠰᠲ᠋ᠧᠮ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠣᠬᠢᠬᠤ ᠦᠷ᠎ᠡ ᠪᠦᠲᠦᠮᠵᠢ ᠣᠯᠵᠤ᠂ ᠤᠶᠤᠯᠢᠭ ᠬᠢᠨᠠᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠪᠠ᠃
     ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ  ᠲᠡᠭᠦᠯᠳᠡᠷᠵᠢᠭᠦᠯᠪᠡ      ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠡᠳ᠋ ᠤᠨ ᠵᠠᠰᠠᠭ᠂ ᠬᠢᠨᠠᠨ ᠪᠣᠳᠣᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ᠂ ︽ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠵᠢᠱᠢᠶ᠎ᠡ ᠦᠵᠡᠭᠦᠯᠬᠦ‍ ᠴᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠳᠠᠷᠠᠭ᠎ᠠ ᠨᠢ ᠪᠠᠰᠠ ︽ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠬᠥᠮᠦᠵᠢᠯ ᠤᠨ ᠲᠥᠰᠦᠯ︾᠂ ︽ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠯ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠥᠰᠦᠯ︾᠂ ︽ᠤᠯᠠᠭᠠᠨᠴᠠᠪ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠯ ᠤᠨ ᠬᠡᠷᠡᠭᠯᠡᠭᠡᠨ ᠤ ᠦᠷ᠎ᠡ ᠪᠦᠲᠦᠮᠵᠢ ᠶᠢ ᠦᠨᠡᠯᠡᠨ ᠵᠢᠱᠢᠬᠦ ᠲᠥᠰᠦᠯ︾ ᠢ ᠵᠠᠯᠭᠠᠭ᠎ᠠ ᠪᠠᠷ ᠨᠡᠶᠢᠲᠡᠯᠡᠵᠦ᠂ ᠲᠦᠷᠢᠮ ᠨᠢᠭᠡᠪᠦᠷᠢ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠪᠠ᠃
     ᠬᠤᠶᠠᠷ ᠲᠤ᠂ ᠠᠯᠬᠤᠮ ᠠᠯᠬᠤᠮ ᠢᠶᠠᠷ ᠠᠬᠢᠭᠤᠯᠵᠤ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢ ᠪᠦᠬᠦᠨ ᠢᠶᠠᠷ ᠨᠢ ᠤᠷᠤᠯᠴᠠᠭᠤᠯᠪᠠ    ᠣᠳᠣᠬᠠᠨ ᠳᠤ ᠡᠮᠨᠡᠯᠭᠡ ᠳᠤ ᠰᠠᠭᠤᠬᠤ 106 ᠡᠮᠴᠢᠯᠡᠭᠡᠨ ᠤ ᠪᠠᠶᠢᠭᠤᠯᠤᠮᠵᠢ ᠶᠢ ᠴᠥᠮ ᠣᠶᠤᠨᠴᠢ ᠬᠢᠨᠠᠨ ᠡᠵᠡᠮᠳᠡᠬᠦ ᠬᠡᠪᠴᠢᠶᠡᠨ ᠳᠤ ᠣᠷᠣᠭᠤᠯᠤᠭᠰᠠᠨ ᠪᠠᠶᠢᠨ᠎ᠠ᠃ ᠬᠢᠨᠠᠨ ᠡᠵᠡᠮᠳᠡᠬᠦ ᠠᠭᠤᠯᠭ᠎ᠠ ᠳᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠣᠨᠳᠣᠤ ᠭᠠᠵᠠᠷ ᠲᠤ ᠡᠮᠨᠡᠭᠦᠯᠬᠦ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠪᠠᠭᠲᠠᠬᠤ ᠶᠢᠨ ᠬᠠᠮᠲᠤ ᠬᠢᠨᠠᠨ ᠡᠵᠡᠮᠳᠡᠬᠦ ᠰᠢᠰᠲ᠋ᠧᠮ ᠨᠢ ᠰᠢᠭᠤᠳ ᠡᠮᠨᠡᠯᠭᠡ ᠶᠢᠨ ᠬᠤᠷᠢᠶ᠎ᠠ ᠶᠢᠨ HIS ᠲᠠᠢ ᠵᠠᠯᠭᠠᠬᠤ ᠶᠢᠨ ᠬᠠᠮᠲᠤ ︽ᠣᠶᠤᠨᠴᠢ ᠬᠢᠨᠠᠨ ᠬᠠᠷᠭᠤᠭᠤᠯᠤᠯᠲᠠ — ᠡᠮᠨᠡᠯᠭᠡ ᠶᠢᠨ ᠬᠤᠷᠢᠶ᠎ᠠ ᠶᠢᠨ ᠭᠤᠮᠣᠳᠠᠯ ᠲᠣᠭᠠᠴᠢᠯᠲᠠ — ᠡᠮ ᠡᠮᠨᠡᠯᠭᠡ ᠶᠢᠨ ᠳᠠᠭᠠᠳᠬᠠᠯ ᠤᠨ ᠬᠤᠶᠠᠳᠠᠬᠢ ᠤᠳᠠᠭᠠᠨ ᠤ ᠬᠢᠨᠠᠨ ᠬᠠᠷᠭᠤᠭᠤᠯᠤᠯᠲᠠ — ᠡᠮᠨᠡᠯᠭᠡ ᠶᠢᠨ ᠬᠤᠷᠢᠶ᠎ᠠ ᠶᠢᠨ ᠬᠤᠶᠠᠳᠠᠬᠢ ᠤᠳᠠᠭᠠᠨ ᠤ ᠭᠤᠮᠣᠳᠠᠯ ᠲᠣᠭᠠᠴᠢᠯᠲᠠ︾ ᠶᠢᠨ ᠬᠢᠨᠠᠨ ᠬᠠᠷᠭᠤᠭᠤᠯᠬᠤ ᠬᠢᠨᠠᠨ ᠬᠠᠮᠢᠶᠠᠷᠬᠤ ᠲᠣᠭᠲᠠᠴᠠ ᠵᠢᠴᠢ ᠲᠣᠭᠲᠠᠭᠠᠯ ᠠᠴᠠ ᠵᠥᠷᠢᠴᠡᠭᠰᠡᠨ ᠵᠠᠷᠤᠳᠠᠯ ᠢ ᠥᠯᠥ ᠲᠤᠰᠢᠶᠠᠬᠤ ᠴᠤᠪᠤᠷᠠᠯ ᠢ ᠪᠠᠶᠢᠭᠤᠯᠵᠠᠶ᠃ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠᠬᠢ ᠬᠢᠨᠠᠨ ᠡᠵᠡᠮᠳᠡᠬᠦ ᠰᠢᠰᠲ᠋ᠧᠮ ᠨᠢ ᠡᠮᠴᠢ ᠶᠢᠨ ᠲᠣᠭᠲᠠᠭᠠᠯ ᠠᠴᠠ ᠵᠥᠷᠢᠴᠡᠨ ᠣᠨᠣᠰᠢᠯᠠᠨ ᠡᠮᠨᠡᠬᠦ᠂ ᠡᠮ ᠬᠡᠷᠡᠭᠯᠡᠬᠦ ᠦᠢᠯᠡ ᠠᠵᠢᠯᠯᠠᠭ᠎ᠠ ᠶᠢ ᠴᠠᠭ ᠲᠤᠨᠢ ᠳᠣᠭᠢᠷᠠᠭᠤᠯᠤᠨ ᠰᠠᠨᠠᠭᠤᠯᠬᠤ᠂ ᠬᠤᠷᠢᠭᠯᠠᠬᠤ ᠵᠢᠴᠢ ᠬᠢᠨᠠᠨ ᠬᠠᠷᠭᠤᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ 24 ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠯ ᠢ ᠪᠦᠬᠦᠨ ᠢ ᠪᠠᠶᠢᠭᠤᠯᠤᠨ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠪᠦᠬᠦ ᠬᠤᠲᠠ ᠶᠢᠨ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ ᠬᠢᠨᠠᠨ ᠡᠵᠡᠮᠳᠡᠯ ᠢ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠦᠬᠦᠨ ᠢ ᠪᠦᠷᠬᠦᠬᠦᠯᠬᠦ ᠶᠢ ᠪᠡᠶᠡᠯᠡᠭᠦᠯᠪᠡ᠃ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠣᠶᠤᠨᠴᠢ ᠬᠢᠨᠠᠨ ᠡᠵᠡᠮᠳᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠯᠲᠠ ᠶᠢ ᠥᠷᠨᠢᠭᠦᠯᠵᠦ᠂ ᠰᠢᠰᠲ᠋ᠧᠮ ᠨᠢ ᠳ᠋ᠦᠩ ᠷᠤᠸᠠᠨ ᠺᠣᠮᠫᠠᠨᠢ ᠶᠢᠨ ᠳ᠋ᠦᠩᠨᠡᠨ ᠪᠤᠳᠤᠬᠤ ᠰᠢᠰᠲ᠋ᠧᠮ ᠢᠶᠠᠷ ᠳᠠᠮᠵᠢᠭᠤᠯᠤᠨ ᠡᠮ ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢᠨ ᠬᠡᠰᠡᠭ ᠢ ᠨᠡᠮᠡᠨ ᠪᠠᠶᠢᠭᠤᠯᠵᠤ᠂ ᠪᠥᠬᠦ ᠬᠤᠲᠠ ᠶᠢᠨ 11 ᠬᠤᠰᠢᠭᠤ ᠰᠢᠶᠠᠨ ᠬᠤᠲᠠ ᠲᠣᠭᠤᠷᠢᠭ ᠤᠨ 1000 ᠭᠠᠷᠤᠶ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ  ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠣᠶᠤᠨᠴᠢᠯᠠᠭᠰᠠᠨ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠪᠡ᠃
     ᠭᠤᠷᠪᠠ ᠳᠤ᠂ ᠲᠦᠷᠢᠮ ᠢ ᠲᠡᠭᠦᠯᠳᠡᠷᠵᠢᠭᠦᠯᠵᠦ᠂ ᠬᠡᠷᠡᠭ ᠤᠨ ᠡᠮᠦᠨ᠎ᠡ ᠬᠤᠶᠢᠨᠠᠬᠢ ᠪᠥᠬᠦ ᠶᠠᠪᠤᠴᠠ ᠶᠢ ᠬᠢᠨᠠᠨ ᠡᠵᠡᠮᠳᠡᠨ᠎ᠡ      ᠮᠠᠨ ᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠬᠢᠨᠠᠨ ᠡᠵᠡᠮᠳᠡᠬᠦ ᠰᠢᠰᠲ᠋ᠧᠮ ᠤᠨ ᠪᠦᠲᠦᠴᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶ ᠰᠡᠳᠬᠢᠮᠵᠢ ᠶᠢ ᠲᠤᠭ᠎ᠠ ᠪᠠᠷᠢᠮᠲᠠ ᠶᠢ ᠴᠤᠭᠯᠠᠭᠤᠯᠬᠤ᠂ ᠲᠤᠭ᠎ᠠ ᠪᠠᠷᠢᠮᠲᠠ ᠶᠢ ᠬᠤᠪᠢᠷᠠᠭᠤᠯᠬᠤ᠂ ᠣᠶᠤᠨᠴᠢ ᠪᠠᠷ ᠵᠠᠳᠠᠯᠬᠤ᠂ ᠰᠡᠵᠢᠭ ᠲᠠᠢ ᠲᠠᠯ᠎ᠠ ᠶᠢ ᠳᠡᠯᠭᠡᠨ ᠦᠵᠡᠭᠦᠯᠬᠦ᠂ ᠰᠢᠰᠲ᠋ᠧᠮ ᠤᠨ ᠭᠠᠷᠲᠠᠨ ᠭᠦᠢᠴᠡᠳᠭᠡᠬᠦ ᠴᠤᠪᠤᠷᠠᠯ᠂ ᠡᠪᠡᠳᠴᠢᠨ ᠤ ᠵᠢᠱᠢᠶ᠎ᠡ ᠶᠢ ᠪᠠᠶᠢᠴᠠᠭᠠᠨ ᠯᠠᠪᠯᠠᠬᠤ ︵ᠰᠢᠭᠰᠢᠨ ᠰᠣᠩᠭᠤᠬᠤ︶᠂ ᠳ᠋ᠡᠶᠢᠲ᠋ᠠ ᠪᠠᠷᠢᠮᠲᠠ ᠶᠢ ᠠᠭᠤᠳᠠᠯᠬᠤ᠂ ᠪᠦᠷᠢᠳᠬᠡᠨ ᠵᠠᠳᠠᠯᠬᠤ᠂ ᠬᠡᠷᠡᠭᠯᠡᠭᠴᠢ ᠶᠢᠨ ᠬᠠᠮᠢᠶᠠᠷᠤᠯᠲᠠ ᠵᠡᠷᠭᠡ 9 ᠶᠡᠭᠡ ᠪᠣᠷᠣ ᠲᠥᠯᠥᠪ ᠤᠨ ᠶᠣᠰᠣᠭᠠᠷ ᠪᠠᠶᠢᠭᠤᠯᠵᠤ᠂ ᠰᠢᠰᠲ᠋ᠧᠮ ᠳᠤ ᠲᠦᠷᠢᠮ ᠤᠨ ᠬᠥᠮᠥᠷᠭᠡ 3᠂ ᠮᠡᠳᠡᠯᠭᠡ ᠶᠢᠨ ᠬᠥᠮᠥᠷᠭᠡ 3᠂ ᠬᠢᠨᠠᠨ ᠡᠵᠡᠮᠳᠡᠬᠦ ᠲᠦᠷᠢᠮ 521 ᠪᠠᠶᠢᠵᠤ᠂ ᠮᠠᠨ ᠤ ᠬᠤᠲᠠ ᠶᠢᠨ ᠬᠢᠨᠠᠨ ᠡᠵᠡᠮᠳᠡᠬᠦ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠳᠡᠶᠢᠯᠦᠨ᠎ᠡ᠃ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠬᠢᠨᠠᠨ ᠡᠵᠡᠮᠳᠡᠬᠦ ᠪᠠᠷ ᠳᠠᠮᠵᠢᠭᠤᠯᠤᠨ ᠡᠮᠴᠢ ᠶᠢᠨ ᠡᠮᠴᠢ ᠶᠢᠨ ᠵᠢᠭᠠᠪᠤᠷᠢ ᠶᠢ ᠣᠶᠤᠨᠴᠢ ᠪᠠᠷ ᠬᠢᠨᠠᠨ ᠬᠠᠷᠭᠤᠭᠤᠯᠵᠤ᠂ ᠬᠡᠷᠡᠭ ᠤᠨ ᠳᠠᠷᠠᠭ᠎ᠠ ᠬᠢᠨᠠᠨ ᠡᠵᠡᠮᠳᠡᠬᠦ ᠪᠠᠷ ᠳᠠᠮᠵᠢᠭᠤᠯᠤᠨ ᠡᠮᠴᠢᠯᠡᠭᠡᠨ ᠤ ᠪᠠᠶᠢᠭᠤᠯᠤᠮᠵᠢ ᠶᠢᠨ ᠨᠢᠭᠡᠨᠲᠡ ᠳᠡᠭᠡᠭᠰᠢ ᠳᠠᠮᠵᠢᠭᠤᠯᠤᠭᠰᠠᠨ ᠣᠨᠣᠰᠢᠯᠠᠨ ᠡᠮᠨᠡᠬᠦ ᠡᠪᠡᠳᠴᠢᠨ ᠤ ᠵᠢᠱᠢᠶ᠎ᠡ ᠶᠢ ᠬᠢᠨᠠᠨ ᠬᠠᠷᠭᠤᠭᠤᠯᠤᠨ᠎ᠠ᠃
     ᠳᠥᠷᠪᠡ ᠳᠤ᠂ ᠪᠣᠯᠪᠠᠰᠤᠷᠠᠭᠤᠯᠤᠯ ᠢ ᠴᠢᠩᠭᠠᠳᠬᠠᠵᠤ᠂ ᠰᠢᠰᠲ᠋ᠧᠮ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ      ᠤᠶᠤᠨᠲᠤ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠭᠰᠠᠨ ᠠᠴᠠ ᠨᠠᠰᠢ᠂ ᠮᠠᠨ ᠤ ᠬᠤᠲᠠ ᠤᠷᠢᠳ ᠬᠤᠵᠢᠳ ᠡᠮᠴᠢᠯᠡᠭᠡ ᠶᠢᠨ ᠪᠠᠳᠤᠯᠠᠭ᠎ᠠ ᠶᠢᠨ ᠤᠶᠤᠨᠲᠤ ᠬᠢᠨᠠᠨ ᠡᠵᠡᠮᠳᠡᠬᠦ ᠰᠢᠰᠲ᠋ᠧᠮ ᠤᠨ ᠪᠣᠯᠪᠠᠰᠤᠷᠠᠯ ᠤᠨ ᠠᠩᠭᠢ ᠶᠢ 4 ᠬᠤᠭᠤᠴᠠᠭ᠎ᠠ᠂ OCR ᠤᠶᠤᠨᠲᠤ ᠬᠢᠨᠠᠨ ᠬᠠᠷᠭᠤᠭᠤᠯᠬᠤ ᠰᠢᠰᠲ᠋ᠧᠮ ᠤᠨ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠡᠷᠭᠢᠯᠡᠪᠡ᠃ ᠡᠮ ᠲᠠᠩ ᠤᠨ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠪᠣᠯᠪᠠᠰᠤᠷᠠᠯ ᠤᠨ ᠠᠩᠭᠢ 8 ᠬᠤᠭᠤᠴᠠᠭ᠎ᠠ ᠪᠠᠶᠢᠵᠤ᠂ ᠨᠡᠶᠢᠲᠡ 12 ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ᠂ 100 ᠭᠠᠷᠤᠶ ᠡᠮ ᠡᠮᠨᠡᠯᠭᠡ ᠶᠢᠨ ᠪᠠᠶᠢᠭᠤᠯᠤᠮᠵᠢ᠂ 700 ᠭᠠᠷᠤᠶ ᠲᠣᠭᠲᠠᠮᠠᠯ ᠴᠢᠭ ᠤᠨ ᠡᠮ ᠤᠨ ᠳᠡᠯᠭᠡᠭᠦᠷ ᠢ ᠪᠣᠯᠪᠠᠰᠤᠷᠠᠭᠤᠯᠵᠤ᠂ ᠪᠣᠯᠪᠠᠰᠤᠷᠠᠯ ᠬᠦᠷᠲᠡᠭᠰᠡᠳ 1800 ᠬᠥᠮᠦᠨ ᠤᠳᠠᠭ᠎ᠠ ᠳᠤ ᠬᠦᠷᠴᠦ᠂ ᠪᠣᠯᠪᠠᠰᠤᠷᠠᠭᠤᠯᠤᠯ ᠢᠶᠠᠷ ᠳᠡᠮᠵᠢᠨ ᠭᠠᠷᠲᠠᠨ ᠭᠦᠢᠴᠡᠳᠭᠡᠬᠦ ᠠᠵᠢᠯᠲᠠᠨ ᠤ ᠣᠶᠤᠨᠴᠢ ᠪᠠᠷ ᠬᠢᠨᠠᠨ ᠬᠠᠷᠭᠤᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠣᠶᠤᠨᠴᠢ ᠪᠠᠷ ᠬᠢᠨᠠᠨ ᠬᠠᠷᠭᠤᠭᠤᠯᠵᠤ ᠬᠢᠨᠠᠨ ᠡᠵᠡᠮᠳᠡᠬᠦ ᠰᠢᠰᠲ᠋ᠧᠮ ᠢ ᠵᠢᠷᠤᠮᠵᠢᠭᠤᠯᠤᠨ ᠬᠡᠷᠡᠭᠯᠡᠬᠦ ᠶᠢ ᠪᠠᠲᠤᠯᠠᠭᠰᠠᠨ ᠪᠠᠶᠢᠨ᠎ᠠ᠃      ᠲᠠᠪᠤ ᠳᠤ᠂ ᠲᠣᠮᠣ ᠳ᠋ᠠᠶᠢᠲ᠋ᠠ ᠶᠢ ᠠᠰᠢᠭᠯᠠᠨ ᠬᠥᠳᠡᠯᠦᠩᠭᠦᠶ ᠬᠢᠨᠠᠨ ᠡᠵᠡᠮᠳᠡᠬᠦ ᠵᠠᠳᠠᠯᠤᠯᠲᠠ ᠬᠢᠨ᠎ᠠ      ᠡᠮᠴᠢᠯᠡᠭᠡ ᠶᠢᠨ ᠪᠠᠳᠤᠯᠠᠭ᠎ᠠ ᠶᠢᠨ ᠤᠶᠤᠨᠲᠤ ᠬᠢᠨᠠᠨ ᠡᠵᠡᠮᠳᠡᠬᠦ ᠰᠢᠰᠲ᠋ᠧᠮ ᠳᠤ᠂ ᠵᠣᠬᠢᠶᠠᠮᠠᠯ ᠣᠶᠤᠨᠯᠢᠭ ᠤᠨ ᠭᠡᠷᠡᠴᠢᠯᠡᠯ ᠤᠨ ᠠᠨᠠᠭᠠᠬᠤ ᠤᠬᠠᠭᠠᠨ ᠤ ᠪᠠᠷᠢᠮᠵᠢᠶᠠᠲᠤ ᠮᠡᠳᠡᠯᠭᠡ ᠶᠢᠨ ᠬᠥᠮᠥᠷᠭᠡ ᠪᠠ ᠬᠤᠪᠢᠷᠠᠭᠤᠯᠬᠤ ᠮᠡᠳᠡᠯᠭᠡ ᠶᠢᠨ ᠬᠥᠮᠥᠷᠭᠡ ᠶᠢᠨ ᠵᠠᠳᠠᠯᠤᠯᠲᠠ ᠪᠠᠷ ᠳᠡᠮᠵᠢᠨ᠂ ᠡᠮ ᠲᠠᠩ᠂ ᠬᠤᠷᠣᠭᠳᠠᠯ ᠮᠠᠲ᠋ᠧᠷᠢᠶᠠᠯ ᠢ ᠳᠤᠷ᠎ᠠ ᠪᠠᠷ ᠢᠶᠠᠨ ᠬᠡᠷᠡᠭᠯᠡᠭᠰᠡᠨ᠂ ᠬᠡᠲᠦᠷᠡᠲᠡᠯ᠎ᠡ ᠡᠮᠨᠡᠭᠦᠯᠦᠭᠰᠡᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠤᠯᠭᠠᠭᠤᠷᠢ ᠶᠢᠨ ᠬᠡᠯᠪᠡᠷᠢ᠂ ᠪᠦᠭᠡᠷᠡᠩᠬᠡᠢ ᠬᠡᠯᠪᠡᠷᠢ ᠪᠤᠶᠤ ᠭᠤᠷᠪᠠᠨ ᠬᠡᠮᠵᠢᠯ ᠤᠨ ᠵᠢᠷᠤᠭ ᠤᠨ ᠳᠦᠷᠢ ᠪᠠᠷ ᠢᠯᠡᠷᠡᠭᠦᠯᠵᠦ᠂ ᠡᠭᠦᠨ ᠤ ᠤᠯᠠᠮ ᠠᠴᠠ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠲᠣᠬᠢᠷᠠᠭᠤᠯᠬᠤ᠂ ᠳᠥᠯᠥᠬᠦ ᠦᠨ᠎ᠡ ᠶᠢ ᠲᠣᠬᠢᠷᠠᠭᠤᠯᠬᠤ᠂ ᠡᠮ ᠲᠠᠩ ᠤᠨ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠳᠤ ᠰᠢᠢᠳᠪᠦᠷᠢᠳᠦ ᠪᠣᠳᠣᠯᠭ᠎ᠠ ᠶᠢᠨ ᠦᠨᠳᠦᠰᠦᠯᠡᠯ ᠬᠠᠩᠭᠠᠵᠤ ᠪᠣᠯᠤᠨ᠎ᠠ᠃      ᠵᠢᠷᠭᠤᠭ᠎ᠠ ᠳᠤ᠂ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠶᠢ ᠬᠢᠨᠠᠨ ᠡᠵᠡᠮᠳᠡᠨ᠎ᠡ      ᠮᠠᠨ ᠤ ᠬᠤᠲᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠤ ᠲᠥᠷᠥᠯ ᠢᠶᠠᠷ ᠵᠠᠷᠤᠳᠠᠯ ᠲᠤᠰᠢᠶᠠᠬᠤ ᠪᠠᠷ ᠭᠤᠤᠯ ᠪᠣᠯᠭᠠᠭᠰᠠᠨ ᠣᠯᠠᠨ ᠡᠰᠢᠲᠦ ᠨᠡᠶᠢᠯᠡᠮᠡᠯ ᠲᠣᠭᠠᠴᠠᠭ᠎ᠠ ᠬᠢᠬᠦ ᠰᠢᠰᠲ᠋ᠧᠮ ᠢ ᠬᠡᠷᠡᠭᠵᠢᠭᠦᠯᠵᠦ᠂ 5 ᠶᠡᠭᠡ ᠲᠥᠷᠥᠯ ᠳᠤ ᠬᠤᠯᠪᠣᠭᠳᠠᠨ᠎ᠠ᠃ ᠤᠶᠤᠨᠲᠤ ᠬᠢᠨᠠᠨ ᠡᠵᠡᠮᠳᠡᠬᠦ ᠰᠢᠰᠲ᠋ᠧᠮ ᠤᠨ ᠲᠦᠷᠢᠮ ᠳᠤ ᠠᠳᠠᠯᠢᠬᠠᠨ ᠢᠶᠠᠷ ᠡᠪᠡᠳᠴᠢᠨ ᠤ ᠲᠥᠷᠥᠯ ᠢᠶᠠᠷ ᠲᠣᠭᠠᠴᠠᠭ᠎ᠠ ᠬᠢᠬᠦ᠂ ᠶᠡᠷᠦᠩᠬᠡᠶ ᠲᠣᠭᠠᠨ ᠤ ᠲᠥᠰᠦᠪ ᠢᠶᠠᠷ ᠲᠣᠭᠠᠴᠠᠭ᠎ᠠ ᠬᠢᠬᠦ᠂ ᠣᠷᠣ ᠶᠢᠨ ᠡᠳᠦᠷ ᠢᠶᠠᠷ ᠲᠣᠭᠠᠴᠠᠭ᠎ᠠ ᠬᠢᠬᠦ᠂ ᠬᠠᠷᠢᠴᠠᠯ ᠢᠶᠠᠷ ᠲᠣᠭᠠᠴᠠᠭ᠎ᠠ ᠬᠢᠬᠦ᠂ ᠲᠣᠭᠲᠠᠭᠰᠠᠨ ᠨᠣᠷᠮ᠎ᠠ ᠪᠠᠷ ᠲᠣᠭᠠᠴᠠᠭ᠎ᠠ ᠬᠢᠬᠦ ᠵᠡᠷᠭᠡ ᠪᠠᠭᠲᠠᠨ᠎ᠠ᠂ ᠡᠭᠦᠨ ᠳᠤ ᠡᠪᠡᠳᠴᠢᠨ ᠤ ᠲᠥᠷᠥᠯ ᠢᠶᠠᠷ ᠲᠣᠭᠠᠴᠠᠭ᠎ᠠ ᠬᠢᠬᠦ ᠳᠤ 154 ᠲᠠᠩ ᠭᠠᠭᠴᠠ ᠡᠪᠡᠳᠴᠢᠨ ᠤ ᠲᠥᠷᠥᠯ ᠢ ᠬᠢᠨᠠᠨ ᠬᠠᠮᠢᠶᠠᠷᠴᠤ᠂ ᠮᠠᠨ ᠤ ᠬᠤᠲᠠ ᠶᠢᠨ ᠪᠣᠶ ᠪᠥᠬᠦᠶ ᠡᠪᠡᠳᠴᠢᠨ ᠤ ᠲᠥᠷᠥᠯ ᠢᠶᠠᠷ ᠲᠣᠭᠠᠴᠠᠭ᠎ᠠ ᠬᠢᠬᠦ ᠡᠪᠡᠳᠴᠢᠨ ᠡᠮᠭᠡᠭ ᠢ ᠬᠠᠮᠤᠷᠤᠭᠰᠠᠨ ᠪᠠᠶᠢᠨ᠎ᠠ᠃      ᠳᠣᠯᠤᠭ᠎ᠠ ᠳᠤ᠂ ᠳ᠋ᠤᠭᠠᠷᠯᠠᠯ ᠤᠨ ᠲᠤᠭ᠎ᠠ ᠪᠠᠷᠢᠮᠲᠠ ᠶᠢᠨ ᠬᠥᠮᠥᠷᠭᠡ ᠨᠢ ᠣᠶᠤᠨᠴᠢ ᠬᠢᠨᠠᠨ ᠬᠠᠷᠭᠤᠭᠤᠯᠤᠯᠲᠠ ᠳᠤ ᠰᠠᠭᠤᠷᠢ ᠲᠠᠯᠪᠢᠨ᠎ᠠ
     ᠮᠠᠨ ᠤ ᠬᠤᠲᠠ ᠲᠣᠮᠣ ᠳ᠋ᠠᠶᠢᠲ᠋ᠠ᠂ ᠮᠡᠳᠡᠭᠡ ᠵᠠᠩᠭᠢᠵᠢᠯᠲᠠ ᠶᠢᠨ ᠮᠡᠷᠭᠡᠵᠢᠯ᠂ ᠢᠨᠲ᠋ᠤᠷ ᠰᠦᠯᠵᠢᠶ᠎ᠡ + ᠡᠮᠴᠢᠯᠡᠭᠡ ᠶᠢᠨ ᠪᠠᠳᠤᠯᠠᠭ᠎ᠠ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠤᠭ᠎ᠠ ᠪᠠᠷᠢᠮᠲᠠ ᠶᠢ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ 15 ᠵᠦᠢᠯ ᠤᠨ ᠲᠤᠬᠠᠶᠢᠯᠠᠭᠰᠠᠨ ᠠᠵᠢᠯ ᠤᠨ ᠳ᠋ᠤᠭᠠᠷᠯᠠᠯ ᠢ ᠪᠡᠶᠡᠯᠡᠭᠦᠯᠵᠦ᠂ 15 ᠵᠦᠢᠯ  ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠳ᠋ᠤᠭᠠᠷᠯᠠᠯ ᠢ ᠤᠶᠤᠨᠲᠤ ᠬᠢᠨᠠᠨ ᠡᠵᠡᠮᠳᠡᠬᠦ ᠰᠢᠰᠲ᠋ᠧᠮ ᠲᠠᠢ ᠪᠦᠲᠦᠮᠵᠢᠲᠡᠶ ᠠᠭᠤᠰᠤᠯᠴᠠᠭᠤᠯᠵᠤ᠂ ᠣᠨᠣᠰᠢᠯᠠᠨ ᠡᠮᠨᠡᠬᠦ ᠲᠥᠷᠥᠯ ᠵᠦᠢᠯ ᠨᠢᠭᠡᠪᠦᠷᠢ ᠳᠤ ᠴᠣᠷ ᠤᠨ ᠭᠠᠭᠴᠠ ᠣᠷᠣᠯᠠᠬᠤ ᠨᠣᠮᠧᠷ ᠨᠠᠶᠢᠷᠠᠭᠤᠯᠤᠨ ᠵᠣᠬᠢᠶᠠᠵᠤ᠂ ᠮᠠᠨ ᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠤᠶᠤᠨᠲᠤ ᠬᠢᠨᠠᠨ ᠡᠵᠡᠮᠳᠡᠯ ᠤᠨ ᠨᠠᠷᠢᠯᠢᠭ ᠣᠨᠣᠴᠠᠲᠠᠶ ᠪᠠᠷ ᠬᠢᠨᠠᠨ ᠬᠠᠷᠭᠤᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ᠣᠳᠣᠬᠠᠨ ᠳᠤ᠂ ᠮᠠᠨ ᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠳ᠋ᠤᠭᠠᠷᠯᠠᠯ ᠤᠨ ᠠᠵᠢᠯ ᠨᠢ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡ ᠶᠢᠨ ᠪᠠᠳᠤᠯᠠᠭ᠎ᠠ ᠶᠢᠨ ᠡᠮᠴᠢ᠂ ᠡᠮᠴᠢᠯᠡᠭᠡ ᠶᠢᠨ ᠪᠠᠳᠤᠯᠠᠭ᠎ᠠ ᠶᠢᠨ ᠰᠤᠪᠢᠯᠠᠭᠴᠢ᠂ ᠡᠮᠴᠢᠯᠡᠭᠡ ᠶᠢᠨ ᠪᠠᠳᠤᠯᠠᠭ᠎ᠠ ᠶᠢᠨ ᠡᠮᠴᠢᠳᠡᠨ ᠢ ᠬᠠᠮᠠᠭᠠᠯᠠᠭᠰᠠᠨ ᠠᠴᠠ ᠭᠠᠳᠠᠨ᠎ᠠ ᠪᠠᠰᠠ ᠤᠯᠠᠭᠠᠨᠴᠠᠪ ᠬᠤᠲᠠ ᠶᠢᠨ ᠣᠨᠴᠠᠯᠢᠭ ᠲᠠᠢ ᠲᠠᠩ ᠡᠪᠡᠳᠴᠢᠨ ᠤ ᠵᠦᠢᠯ 154 ᠵᠦᠢᠯ᠂ ᠠᠵᠢᠯᠲᠠᠨ ᠠᠵᠢᠯᠴᠢᠨ ᠤ ᠡᠭᠦᠳᠡᠨ ᠡᠮᠨᠡᠯᠭᠡ ᠶᠢᠨ ᠣᠨᠴᠠ ᠤᠳᠠᠭᠠᠨ ᠡᠪᠡᠳᠴᠢᠨ 31 ᠵᠦᠢᠯ᠂ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠣᠨᠴᠠ ᠤᠳᠠᠭᠠᠨ ᠡᠪᠡᠳᠴᠢᠨ 38 ᠵᠦᠢᠯ ᠢ ᠬᠠᠮᠠᠭᠠᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号