ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠰᠣᠩᠭᠤᠨ ᠲᠣᠮᠢᠯᠠᠭᠰᠠᠨ ᠲᠣᠰᠬᠤᠨ ᠤ ᠨᠢᠭᠡᠳᠦᠭᠡᠷ ᠱᠦᠵᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠬᠤᠸᠠᠷᠠᠭ᠎ᠠ ᠰᠢᠶᠠᠩ ᠤᠨ ᠰᠢᠶᠤᠤ ᠶᠢᠩᠽᠢ ᠲᠣᠰᠬᠤᠨ ᠳᠤ ᠬᠦᠷᠴᠦ ᠠᠵᠢᠯ ᠤᠨ ᠪᠠᠶᠢᠷᠢ ᠳᠤ ᠲᠤᠰᠢᠶᠠᠯ ᠡᠭᠦᠷᠭᠡᠯᠡᠪᠡ
ᠨᠡᠶᠢᠲᠡᠯᠡᠭᠰᠡᠨ ᠴᠠᠭ᠄
2021/10/21
      10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠵᠧᠩ ᠵᠣᠣ ᠰᠢᠶᠠᠩ᠂ ᠠᠯᠪᠠᠨ ᠬᠡᠷ ᠤᠨ ᠡᠷᠬᠢᠯᠡᠭᠴᠢ ᠰᠢᠤᠢ ᠳ᠋ᠠᠨ ᠨᠠᠷ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠯᠢᠦ ᠽᠧ ᠮᠢᠨ ᠨᠥᠬᠦᠷ ᠢ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠬᠤᠸᠠᠷᠠᠭ᠎ᠠ ᠰᠢᠶᠠᠩ ᠤᠨ ᠰᠢᠶᠤᠤ ᠶᠢᠩᠽᠢ ᠲᠣᠰᠬᠤᠨ ᠳᠤ ᠲᠣᠮᠢᠯᠠᠨ ᠰᠠᠭᠤᠯᠭᠠᠭᠰᠠᠨ ᠲᠣᠰᠬᠤᠨ ᠤ ᠨᠢᠭᠡᠳᠦᠭᠡᠷ ᠱᠦᠵᠢ ᠪᠠᠷ ᠬᠦᠷᠭᠡᠵᠦ᠂ ᠠᠵᠢᠯ ᠤᠨ ᠪᠠᠶᠢᠷᠢ ᠳᠤ ᠲᠤᠰᠢᠶᠠᠯ ᠬᠠᠷᠢᠭᠤᠴᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠭᠠᠷᠢᠨ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠢᠩ ᠵᠢᠶᠧ᠂ ᠬᠤᠸᠠᠷᠠᠭ᠎ᠠ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠪᠣᠯᠤᠨ ᠰᠢᠶᠤᠤ ᠶᠢᠩᠽᠢ ᠲᠣᠰᠬᠤᠨ ᠤ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
     ᠬᠤᠷᠠᠯ ᠳᠡᠭᠡᠷ᠎ᠡ᠂ ᠬᠤᠸᠠᠷᠠᠭ᠎ᠠ ᠰᠢᠶᠠᠩ ᠪᠣᠯᠤᠨ ᠰᠢᠶᠤᠤ ᠶᠢᠩᠽᠢ ᠲᠣᠰᠬᠤᠨ ᠤ ᠭᠤᠣᠯ ᠬᠠᠷᠢᠭᠤᠴᠠᠯᠭᠠᠲᠠᠨ ᠲᠤᠰ ᠲᠤᠰ ᠬᠤᠯᠪᠤᠭᠠᠯᠠᠨ ᠲᠤᠰᠬᠤᠨ ᠲᠠᠭᠠᠭᠠᠴᠢᠯᠠᠬᠤ ᠠᠵᠢᠯ ᠤᠨ ᠦᠨᠳᠦᠰᠦᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠵᠢᠭᠦᠯᠭᠡ ᠶᠢ ᠲᠠᠨᠢᠯᠴᠠᠭᠤᠯᠤᠭᠰᠠᠨ ᠪᠥᠭᠡᠳ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃
     ᠵᠧᠩ ᠵᠤᠤ ᠰᠢᠶᠠᠩ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂  ᠬᠤᠯᠪᠤᠭᠠᠯᠠᠨ ᠲᠤᠰᠬᠤᠨ ᠲᠠᠭᠠᠭᠠᠴᠢᠯᠠᠬᠤ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ ᠬᠡᠷᠡᠯᠳᠡᠢ ᠶᠤᠮ᠂ ᠨᠢᠭᠡᠳᠦᠭᠡᠷ ᠱᠦᠵᠢ ᠪᠡᠶ᠎ᠡ ᠪᠠᠷ ᠢᠶᠠᠨ ᠴᠢᠷᠮᠠᠶᠢᠵᠤ᠂ ᠦᠨᠳᠦᠰᠦᠨ ᠱᠠᠲᠤᠨ ᠳᠤ ᠠᠭᠤᠰᠤᠯᠴᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠶᠢ ᠠᠬᠢᠭᠤᠯᠬᠤ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠠᠳ ᠤᠨ ᠲᠥᠯᠥᠭᠡ ᠤᠴᠢᠷ ᠶᠠᠪᠤᠳᠠᠯ ᠰᠢᠢᠳᠪᠦᠷᠢᠯᠡᠬᠦ ᠳᠤ ᠦᠢᠯᠡᠴᠢᠯᠡᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号