ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠢᠷᠭᠤᠳᠤᠭᠠᠷ ᠪᠦᠯᠦᠭ ᠤᠨ ᠰᠢᠨ᠎ᠡ ᠪᠠᠷ ᠨᠡᠮᠡᠭᠳᠡᠭᠰᠡᠨ ᠳᠥᠷᠪᠡᠳᠦᠭᠡᠷ ᠪᠦᠯᠦᠭ ᠤᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ ᠪᠠ ᠬᠡᠰᠡᠭ ᠵᠣᠬᠢᠶᠠᠮᠠᠯ ᠦᠶ᠎ᠡ ᠭᠡᠰᠢᠭᠦᠤ ᠶᠢ ᠰᠣᠯᠢᠬᠤ ᠮᠡᠰᠡ ᠵᠠᠰᠠᠯ ᠤᠨ ᠦᠨ᠎ᠡ ᠬᠠᠩᠰᠢ ᠳᠤ ᠲᠤᠰᠬᠠᠶ ᠲᠣᠬᠢᠷᠠᠭᠤᠯᠤᠯᠲᠠ ᠬᠢᠬᠦ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/10/24
      2021 ᠣᠨ ᠤ 10 ᠳ᠋ᠤᠭᠠᠷ ᠰᠠᠷ᠎ᠠ ᠶᠢᠨ 11 ᠠᠴᠠ 15 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠰᠢᠨ᠎ᠡ ᠪᠠᠷ ᠨᠡᠮᠡᠭᠳᠡᠭᠰᠡᠨ ᠪᠠ ᠳᠥᠷᠪᠡᠳᠦᠭᠡᠷ ᠪᠦᠯᠦᠭ ᠤᠨ ᠬᠥᠳᠡᠯᠦᠩᠭᠦᠶ ᠪᠠᠷ ᠳᠣᠭᠢᠷᠠᠭᠤᠯᠬᠤ ᠡᠮᠴᠢᠯᠡᠭᠡᠨ ᠤ  ᠦᠢᠯᠡᠴᠢᠯᠡᠭᠡᠨ ᠤ ᠲᠥᠷᠥᠯ ᠵᠦᠢᠯ ᠤᠨ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠵᠣᠬᠢᠶᠠᠮᠠᠯ ᠦᠶ᠎ᠡ ᠭᠡᠰᠢᠭᠦᠤ ᠶᠢ ᠰᠣᠯᠢᠬᠤ ᠮᠡᠰᠡ ᠵᠠᠰᠠᠯ ᠤᠨ ᠦᠨ᠎ᠡ ᠬᠠᠩᠰᠢ ᠶᠢᠨ ᠲᠤᠰᠬᠠᠶ ᠲᠣᠬᠢᠷᠠᠭᠤᠯᠤᠯᠲᠠ ᠶᠢᠨ ᠪᠣᠯᠪᠠᠰᠤᠷᠠᠯ ᠤᠨ ᠠᠩᠭᠢ ᠬᠥᠬᠡᠬᠤᠲᠠ ᠳᠤ ᠤᠷᠢᠳ ᠬᠤᠵᠢᠳ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠼᠠᠢ ᠬᠤᠩ ᠢᠦᠢ ᠬᠡᠰᠡᠭ ᠵᠣᠬᠢᠶᠠᠮᠠᠯ ᠦᠶ᠎ᠡ ᠭᠡᠰᠢᠭᠦᠦ ᠶᠢ ᠰᠣᠯᠢᠬᠤ ᠮᠡᠰᠡ ᠵᠠᠰᠠᠯ ᠤᠨ ᠦᠨ᠎ᠡ ᠬᠠᠩᠰᠢ ᠶᠢ ᠲᠤᠰᠬᠠᠢ ᠳᠤᠬᠢᠷᠠᠭᠤᠯᠬᠤ ᠪᠣᠯᠪᠠᠰᠤᠷᠠᠯ ᠤᠨ ᠠᠩᠬᠢ ᠳᠤ ᠣᠷᠣᠯᠴᠠᠵᠤ ᠶᠠᠷᠢᠶ᠎ᠠ ᠲᠠᠯᠪᠢᠵᠠᠢ᠃
     ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠢ ︽ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠢᠭ ᠤᠨ ᠲᠥᠰᠦᠯ︾ ᠤᠨ ᠭᠤᠤᠯᠳᠠᠯᠭ᠎ᠠ ᠲᠠᠢ ᠤᠶᠠᠯᠳᠤᠭᠤᠯᠤᠨ ᠲᠠᠶᠢᠯᠪᠤᠷᠢᠯᠠᠵᠤ᠂ ᠬᠤᠯᠪᠣᠭᠳᠠᠯ ᠪᠥᠬᠦᠶ ᠣᠷᠣᠨ ᠪᠦᠰᠡ ᠶᠢᠨ ᠲᠤᠰᠬᠠᠶ ᠮᠡᠷᠭᠡᠵᠢᠯᠲᠡᠨ ᠢ ᠤᠷᠢᠵᠤ ᠡᠯ᠎ᠡ ᠠᠶᠢᠮᠠᠭ ᠬᠤᠲᠠ ᠶᠢᠨ ᠦᠨ᠎ᠡ ᠲᠣᠬᠢᠷᠠᠭᠤᠯᠬᠤ ᠲᠥᠰᠦᠯ᠂ ᠣᠷᠣᠨ ᠵᠠᠶ ᠶᠢᠨ ᠲᠥᠰᠦᠭᠡᠯᠡᠨ ᠪᠤᠳᠤᠯᠲᠠ᠂ ᠥᠪᠡᠷ ᠤᠨ ᠥᠷᠲᠡᠭ ᠤᠨ ᠲᠣᠭᠠᠴᠠᠭ᠎ᠠ ᠪᠠ ᠲᠥᠷᠥᠯ ᠵᠦᠢᠯ ᠢ ᠰᠢᠯᠢᠨ ᠰᠣᠩᠭᠤᠬᠤ ᠵᠡᠷᠭᠡ ᠠᠵᠢᠯ ᠳᠤ ᠵᠢᠯᠣᠭᠤᠳᠣᠯᠭ᠎ᠠ ᠬᠢᠭᠰᠡᠨ ᠪᠠᠶᠢᠨ᠎ᠠ᠃
     ᠡᠯ᠎ᠡ ᠠᠶᠢᠮᠠᠭ ᠬᠤᠲᠠ ᠶᠢᠨ ᠪᠣᠯᠪᠠᠰᠤᠷᠠᠭᠤᠯᠤᠯ᠂ ᠰᠣᠯᠢᠯᠴᠠᠭᠠᠨ ᠤ ᠳᠤᠮᠳᠠ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠲᠤᠪᠴᠢᠶ᠎ᠠ ᠶᠢᠨ ᠳᠡᠳ᠋ ᠳᠠᠷᠤᠭ᠎ᠠ ᠼᠠᠢ ᠬᠤᠩ ᠢᠦᠶ ᠵᠢᠭᠠᠵᠤ ᠭᠠᠷᠭᠠᠭᠰᠠᠨ ᠨᠢ᠂ ᠡᠮ ᠡᠮᠨᠡᠯᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠪᠣᠯ ᠡᠮᠴᠢᠯᠡᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠡᠭᠦᠷᠭᠡ ᠶᠢᠨ ᠨᠢᠭᠡ ᠮᠥᠨ᠂ ᠡᠯ᠎ᠡ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠴᠢᠩᠭᠠᠳᠬᠠᠵᠤ᠂ ᠨᠢᠭᠡ ᠳᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠮ ᠡᠮᠨᠡᠯᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠶ︔ ᠬᠤᠶᠠᠷ ᠲᠤ᠂ ᠡᠭᠦᠷᠭᠡ ᠶᠢᠨ ᠱᠠᠭᠠᠷᠳᠠᠯᠭ᠎ᠠ ᠶᠢ ᠡᠵᠡᠮᠳᠡᠵᠦ ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠭᠤᠷᠪᠠ ᠳᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠡᠮ ᠡᠮᠨᠡᠯᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠬᠦᠴᠢᠷ ᠢ ᠳᠠᠪᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠦ᠂ ᠡᠮ ᠡᠮᠨᠡᠯᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠦᠨ᠎ᠡ ᠬᠠᠩᠰᠢ ᠬᠤᠳᠠᠯᠳᠤᠨ ᠠᠪᠬᠤ ᠭᠠᠵᠠᠷ᠂ ᠡᠮ ᠡᠮᠨᠡᠯᠭᠡ ᠶᠢᠨ ᠬᠤᠳᠠᠯᠳᠤᠨ ᠠᠪᠬᠤ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠳ᠋ ᠤᠨ ᠶᠠᠪᠤᠳᠠᠯ ᠤᠨ ᠭᠠᠵᠠᠷ ᠤᠨ ᠬᠠᠮᠢᠶ᠎ᠠ ᠪᠥᠬᠦᠶ ᠠᠵᠢᠯ ᠤᠨ ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ ᠵᠢᠴᠢ ᠦᠨ᠎ᠡ ᠬᠠᠩᠰᠢ ᠬᠤᠳᠠᠯᠳᠤᠨ ᠠᠪᠬᠤ ᠠᠵᠢᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号