ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠴᠣᠩᠬᠤᠨ ᠤ ᠲᠤᠬᠠᠶᠢᠯᠠᠭᠰᠠᠨ ᠠᠵᠢᠯ ᠢ ᠤᠷᠢᠳᠴᠢᠯᠠᠨ ᠪᠤᠯᠵᠤᠵᠦ ᠭᠦᠢᠴᠡᠳᠭᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/10/25
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 218 ᠳ᠋ᠤᠭᠠᠷ ᠲᠣᠭᠠᠲᠤ ᠬᠤᠯᠪᠣᠭᠳᠠᠯ ᠪᠦᠬᠦᠢ ᠠᠵᠤ ᠠᠬᠤᠶᠢᠯᠠᠯ ᠤᠳ᠄      ᠬᠥᠮᠦᠨ ᠬᠠᠷ᠎ᠠ ᠴᠤᠭᠯᠠᠷᠠᠬᠤ ᠶᠢ ᠪᠦᠲᠦᠮᠵᠢᠲᠡᠶ ᠪᠠᠭᠠᠰᠬᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠴᠣᠩᠬᠤᠨ ᠤ ᠲᠤᠬᠠᠶᠢᠯᠠᠭᠰᠠᠨ ᠠᠵᠢᠯ ᠢ ᠤᠷᠢᠳᠴᠢᠯᠠᠨ ᠪᠣᠯᠵᠣᠵᠤ ᠭᠦᠢᠴᠡᠳᠭᠡᠬᠦ ᠶᠢ ᠬᠡᠷᠡᠭᠵᠢᠭᠦᠯᠦᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠬᠦᠯᠢᠶᠠᠨ ᠠᠪᠴᠤ ᠰᠢᠢᠳᠪᠦᠷᠢᠯᠡᠬᠦ      ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠨᠢ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢᠶᠠᠷ ᠳᠡᠮᠵᠢᠨ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠵᠦ᠂ ᠬᠡᠷᠡᠭ ᠭᠦᠢᠴᠡᠳᠭᠡᠬᠦ ᠵᠦᠭᠯᠡᠭᠦᠷ᠂ ᠭᠦᠢᠴᠡᠳᠭᠡᠭᠰᠡᠨ ᠠᠬᠢᠴᠠ ᠵᠢᠴᠢ ᠭᠦᠢᠴᠡᠳᠭᠡᠭᠰᠡᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃ ᠪᠣᠳᠠᠲᠠᠶ ᠠᠷᠭ᠎ᠠ ᠶᠢ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ ᠦᠪᠦᠷ ᠡᠮ ᠬᠤᠳᠠᠯᠳᠤᠨ ᠠᠪᠬᠤ ᠲᠥᠪ ᠥᠰᠥᠭ ﹇2021﹈ 161 ᠳ᠋ᠤᠭᠡᠷ ᠲᠣᠭᠠᠲᠤ︶ ︵http://ylbzj.nmg.gov.cn/yycgw/ycw_tzgg/ycw_yp/202108/t20210817_1806570.html︶ ᠢᠶᠠᠷ ᠯᠠᠪᠯᠠᠯᠲᠠ ᠪᠣᠯᠭᠠᠨ᠎ᠠ᠃      ᠬᠤᠶᠠᠷ᠂ ᠲᠤᠬᠠᠶᠢᠯᠠᠭᠰᠠᠨ ᠠᠵᠢᠯ ᠤᠨ ᠯᠠᠪᠯᠠᠯᠭ᠎ᠠ ᠥᠭᠬᠦ ᠦᠢᠯᠡᠴᠢᠯᠡᠭᠡ      ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠳ ᠸᠢᠴᠠᠲ ᠤᠨ ᠴᠤᠭᠯᠠᠷᠠᠯ᠂ QQ ᠴᠤᠭᠯᠠᠷᠠᠯ ᠪᠤᠶᠤ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠬᠠᠮᠢᠶ᠎ᠠ ᠪᠥᠬᠦᠶ ᠡᠮ ᠡᠮᠨᠡᠯᠭᠡ ᠶᠢᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠵᠤ ᠪᠣᠯᠤᠨ᠎ᠠ᠃      ᠭᠤᠷᠪᠠ᠂ ᠲᠤᠬᠠᠶᠢᠯᠠᠭᠰᠠᠨ ᠠᠵᠢᠯ ᠢ ᠤᠷᠢᠳᠴᠢᠯᠠᠨ ᠪᠣᠯᠵᠣᠵᠤ ᠭᠦᠢᠴᠡᠳᠬᠡᠬᠦ      ᠰᠦᠯᠵᠢᠶᠡᠨ ᠳᠡᠭᠡᠷ᠎ᠡ ᠭᠦᠢᠴᠡᠳᠬᠡᠬᠦ ᠶᠢᠨ ᠠᠷᠭ᠎ᠠ ᠥᠬᠡᠶ᠂ ᠡᠷᠬᠡᠪᠰᠢ ᠰᠦᠯᠵᠢᠶᠡᠨ ᠠᠴᠠ ᠭᠠᠳᠠᠨ᠎ᠠ ᠭᠦᠢᠴᠡᠳᠬᠡᠬᠦ ᠳᠤ ᠭᠦᠷᠪᠡᠯ᠂ ᠠᠵᠢᠯ ᠤᠨ ᠡᠳᠦᠷ ᠲᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠤᠲᠠᠰᠤ ᠪᠠᠷ ᠪᠣᠯᠵᠣᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠲᠤ ᠬᠦᠷᠴᠦ ᠭᠦᠢᠴᠡᠳᠭᠡᠭᠡᠷᠡᠢ᠃  ᠬᠤᠳᠠᠯᠳᠤᠨ ᠠᠪᠬᠤ ᠲᠥᠪ ᠨᠢ 2021 ᠣᠨ ᠤ 10 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ ᠤᠷᠢᠳᠴᠢᠯᠠᠨ ᠪᠣᠯᠵᠣᠵᠤ ᠭᠦᠢᠴᠡᠳᠬᠡᠬᠦ ᠶᠢ ᠬᠡᠷᠡᠭᠵᠢᠭᠦᠯᠦᠨ᠎ᠡ᠃ ᠤᠷᠢᠳᠴᠢᠯᠠᠨ ᠪᠣᠯᠵᠣᠬᠤ ᠪᠠᠷ ᠳᠡᠮᠵᠢᠨ ᠲᠤᠬᠠᠶ ᠶᠢᠨ ᠲᠠᠯᠠᠪᠤᠷ ᠲᠤ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ᠂ ᠠᠮᠠᠪᠴᠢ ᠪᠠᠨ ᠵᠥᠪ ᠵᠡᠭᠦᠵᠦ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠡᠷᠡᠭᠦᠯ ᠮᠡᠨᠳᠦ ᠶᠢᠨ ᠨᠣᠭᠤᠭᠠᠨ ᠨᠣᠮᠧᠷ ᠢᠶᠠᠨ ᠭᠠᠷᠭᠠᠨ ᠦᠵᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠲᠠᠳ ᠲᠠᠢ ᠪᠠᠨ ᠬᠠᠮᠵᠢᠯᠴᠠᠨ ᠳᠡᠩᠰᠡᠯᠡᠯᠲᠡ ᠪᠠ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃      ᠠᠰᠠᠭᠤᠨ ᠯᠠᠪᠯᠠᠬᠤ ᠪᠠ ᠤᠷᠢᠳᠴᠢᠯᠠᠨ ᠪᠣᠯᠵᠣᠬᠤ ᠤᠲᠠᠰᠤ ᠳᠣᠣᠷᠠᠬᠢ ᠮᠡᠲᠦ᠄      ᠡᠮ ᠤᠨ ᠰᠠᠯᠠᠭ᠎ᠠ 0471—4930630      ᠬᠤᠷᠣᠭᠳᠠᠯ ᠮᠠᠲ᠋ᠧᠷᠢᠶᠠᠯ ᠤᠨ ᠰᠠᠯᠠᠭ᠎ᠠ 0471—4930595      ᠮᠡᠳᠡᠭᠡ ᠵᠠᠩᠭᠢ ᠶᠢᠨ ᠰᠠᠯᠠᠭ᠎ᠠ 0471—4967106      ᠴᠣᠩᠬᠤᠨ ᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠭᠰᠡᠨ ᠪᠠᠶᠢᠪᠠᠯ᠂ ᠠᠰ ᠲᠤᠨᠢ ᠮᠡᠳᠡᠭᠳᠡᠨ᠎ᠡ᠃ ᠲᠠᠨ ᠤ ᠣᠶᠢᠯᠠᠭᠠᠵᠤ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠲᠠᠨ ᠳᠤ ᠳᠥᠭᠦᠮ ᠦᠭᠡᠢ ᠪᠠᠶᠢᠳᠠᠯ ᠤᠴᠠᠷᠠᠭᠤᠯᠬᠤ ᠶᠢ ᠬᠢᠴᠢᠶᠡᠩᠭᠦ᠋ᠢᠯᠡᠨ ᠬᠦᠰᠡᠵᠦ ᠪᠠᠶᠢᠨ᠎ᠠ︕          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 10 ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号