ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠮᠴᠢᠯᠡᠭᠡᠨ ᠤ ᠪᠠᠳᠤᠯᠠᠭ᠎ᠠ ᠶᠢᠨ ᠲᠤᠬᠠᠶᠢᠯᠠᠭᠰᠠᠨ ᠠᠵᠢᠯ ᠢ ᠤᠷᠢᠳᠴᠢᠯᠠᠨ ᠪᠣᠯᠵᠣᠵᠤ  ᠭᠦᠢᠴᠡᠳᠭᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/10/25
ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠨᠢᠭᠡᠴᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠵᠢᠴᠢ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠳᠤ᠄       ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠣᠯᠢᠬᠤ ᠬᠤᠭᠤᠴᠠᠭᠠᠨ ᠳᠠᠬᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠮᠴᠢᠯᠡᠭᠡ ᠶᠢᠨ ᠪᠠᠳᠤᠯᠠᠭ᠎ᠠ ᠶᠢᠨ ᠴᠤᠩᠬᠤ ᠶᠢᠨ ᠠᠵᠢᠯ ᠤᠨ ᠲᠠᠷᠤᠯᠳᠠ ᠶᠢ ᠪᠠᠭᠠᠰᠬᠠᠬᠤ ᠶᠢᠨ ᠲᠦᠯᠦᠭᠡ᠂ 10 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠠᠯᠪᠠᠨ ᠵᠠᠷ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠡᠮᠴᠢᠯᠡᠭᠡ ᠶᠢᠨ ᠪᠠᠳᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠵᠢᠴᠢ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ︵ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ 4 ᠳ᠋ᠤᠭᠡᠷ ᠲᠠᠪᠬᠤᠷᠯᠢᠭ︶ ᠲᠤ ᠬᠠᠮᠲᠤ ᠳᠤᠨᠢ ᠬᠡᠰᠡᠭ ᠡᠮᠴᠢᠯᠡᠭᠡ ᠶᠢᠨ ᠪᠠᠳᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠤᠩᠬᠤ ᠪᠤᠯᠭᠠᠨ ᠨᠡᠮᠡᠭᠳᠡᠭᠦᠯᠪᠡ᠃ ᠣᠳᠣᠬᠠᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠦᠨᠳᠦ ᠨᠣᠴᠢᠲᠠᠶ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      1᠂ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠵᠢᠴᠢ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠨᠤᠭᠤᠳ ᠭᠠᠷ ᠤᠲᠠᠰᠤᠨ ᠤ APP ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠶᠢ ᠰᠠᠨᠠᠭᠠᠴᠢᠯᠠᠵᠤ᠂ ᠲᠤᠬᠠᠶᠢᠯᠠᠭᠰᠠᠨ ᠠᠵᠢᠯ ᠤᠨ ᠨᠡᠪᠲᠡᠷᠡᠯᠴᠡᠭᠡ ᠵᠢᠴᠢ ᠲᠤᠬᠠᠶᠢᠯᠠᠭᠰᠠᠨ ᠠᠵᠢᠯ ᠤᠨ ᠯᠠᠪᠯᠠᠭ᠎ᠠ ᠬᠢᠬᠦ ᠳᠤ ᠸᠢᠴᠠᠲ ᠴᠤᠭᠯᠠᠷᠠᠯ᠂ QQ ᠴᠤᠭᠯᠠᠷᠠᠯ ᠪᠤᠶᠤ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠪᠣᠯᠤᠨ᠎ᠠ᠃      2᠂ ᠦᠨᠡᠨᠬᠦ ᠯᠠᠩᠭᠦᠶ ᠳᠤ ᠣᠴᠢᠵᠤ ᠭᠦᠢᠴᠡᠳᠭᠡᠬᠦ ᠴᠢᠬᠤᠯᠠᠲᠠᠶ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠥᠪ ᠵᠢᠴᠢ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ︵ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ 4 ᠳ᠋ᠤᠭᠡᠷ ᠲᠠᠪᠬᠤᠷᠯᠢᠭ︶ ᠨᠢ 2021 ᠣᠨ ᠤ 10 ᠳ᠋ᠤᠭᠠᠷ ᠰᠠᠷ᠎ᠠ ᠶᠢᠨ 25 ᠤ ᠡᠳᠦᠷ ᠠᠴᠠ ᠡᠬᠢᠯᠡᠨ ᠤᠷᠢᠳᠴᠢᠯᠠᠨ ᠪᠣᠯᠵᠣᠵᠤ ᠭᠦᠢᠴᠡᠳᠭᠡᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      3᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠵᠢᠴᠢ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ︵ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ 4 ᠳ᠋ᠤᠭᠡᠷ ᠲᠠᠪᠬᠤᠷᠯᠢᠭ︶ ᠤᠨ ᠤᠷᠢᠳᠴᠢᠯᠠᠨ ᠪᠣᠯᠵᠣᠵᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠸᠢᠴᠠᠲ ᠤᠨ ᠴᠤᠭᠯᠠᠷᠠᠯ᠂ QQ ᠴᠤᠭᠯᠠᠷᠠᠯ ᠪᠤᠶᠤ ᠳ᠋ᠢᠶᠠᠩᠬᠤᠸᠠ ᠪᠠᠷ ᠳᠠᠮᠵᠢᠭᠤᠯᠤᠨ ᠤᠷᠢᠳᠴᠢᠯᠠᠨ ᠪᠣᠯᠵᠣᠵᠤ ᠪᠣᠯᠤᠨ᠎ᠠ᠂ ᠤᠷᠢᠳᠴᠢᠯᠠᠨ ᠪᠣᠯᠵᠣᠵᠤ ᠠᠮᠵᠢᠯᠲᠠ ᠣᠯᠤᠭᠰᠠᠨ ᠤ ᠳᠠᠷᠠᠭ᠎ᠠ ᠲᠣᠭᠲᠠᠭᠰᠠᠨ ᠴᠠᠭ ᠤᠨ ᠬᠡᠰᠡᠭ ᠲᠤ ᠲᠤᠬᠠᠶᠢᠯᠠᠭᠰᠠᠨ ᠠᠵᠢᠯ ᠢ  ᠭᠦᠢᠴᠡᠳᠭᠡᠬᠦ‍ ᠴᠢᠭ ᠲᠤ ᠬᠦᠷᠴᠦ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠭᠡᠷᠡᠢ᠃      4᠂  ᠠᠵᠢᠯ ᠭᠦᠢᠴᠡᠳᠭᠡᠬᠦ ᠬᠦᠮᠦᠰ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠪᠥᠬᠦ ᠶᠠᠪᠤᠴᠠ ᠳᠤ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠨᠣᠭᠤᠭᠠᠨ ᠨᠣᠮᠧᠷ ᠪᠠ ᠪᠡᠶ᠎ᠡ ᠶᠢᠨ ᠦᠨᠡᠮᠯᠡᠯ ᠵᠡᠷᠭᠡ ᠬᠦᠴᠦᠨ ᠪᠥᠬᠦᠶ ᠦᠨᠡᠮᠯᠡᠯ ᠢᠶᠠᠨ ᠭᠠᠷᠭᠠᠨ ᠦᠵᠡᠭᠦᠯᠵᠦ᠂ ᠬᠤᠯᠪᠣᠭᠳᠠᠯ ᠪᠥᠬᠦᠶ ᠳᠡᠩᠰᠡᠯᠡᠯᠲᠡ ᠶᠢ ᠰᠠᠶᠢᠲᠤᠷ ᠬᠢᠬᠦ ᠶᠢᠨ ᠬᠠᠮᠲᠤ ᠠᠵᠢᠯᠲᠠᠨ ᠤ ᠪᠡᠶ᠎ᠡ ᠶᠢᠨ ᠳᠤᠯᠠᠭᠠᠨ ᠢ ᠬᠡᠮᠵᠢᠬᠦ ᠳᠤ ᠬᠠᠮᠵᠢᠯᠴᠠᠨ᠂ ᠠᠵᠢᠯᠲᠠᠨ ᠤ ᠵᠢᠯᠣᠭᠤᠳᠣᠯᠭ᠎ᠠ ᠪᠠ ᠲᠣᠬᠢᠷᠠᠭᠤᠯᠤᠯᠲᠠ ᠶᠢ ᠳᠠᠭᠠᠵᠤ᠂ ᠲᠤᠬᠠᠶᠢᠯᠠᠭᠰᠠᠨ ᠠᠵᠢᠯ ᠢᠶᠠᠨ ᠴᠠᠭ ᠲᠤᠬᠠᠶ ᠳᠤᠨᠢ᠂ ᠳᠠᠷᠦ᠋ᠢᠬᠠᠨ ᠭᠦᠢᠴᠡᠳᠭᠡᠬᠦ ᠬᠡᠷᠡᠭᠲᠡᠶ᠃      5᠂ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠵᠢᠴᠢ ᠬᠤᠶᠠᠷ ᠢ ᠲᠣᠭᠲᠠᠭᠠᠬᠤ ᠪᠠᠶᠢᠭᠤᠯᠤᠮᠵᠢ ᠨᠤᠭᠤᠳ ᠸᠢᠴᠠᠲ ᠤᠨ ᠨᠡᠶᠢᠲᠡ ᠶᠢᠨ ᠳ᠋ᠤᠭᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︾ ᠳᠤ ᠠᠩᠬᠠᠷᠤᠯ ᠲᠠᠯᠪᠢᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠳᠤ ᠲᠣᠬᠢᠷᠠᠭᠤᠯᠤᠯᠲᠠ ᠬᠢᠬᠦ ᠬᠠᠮᠢᠶ᠎ᠠ ᠪᠥᠬᠦᠶ ᠮᠡᠳᠡᠭᠳᠡᠯ ᠢ ᠣᠶᠢᠯᠠᠭᠠᠵᠤ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ︵ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ 4 ᠳ᠋ᠤᠭᠡᠷ ᠲᠠᠪᠬᠤᠷᠯᠢᠭ︶ ᠤᠨ ᠠᠰᠠᠭᠤᠨ ᠯᠠᠪᠯᠠᠬᠤ ᠪᠠ ᠪᠣᠯᠵᠣᠬᠤ ᠤᠲᠠᠰᠤ ᠳᠣᠤᠷᠠᠬᠢ ᠮᠡᠲᠦ᠄      ᠰᠠᠭᠤᠷᠢ ᠮᠥᠩᠭᠦᠨ ᠤ ᠬᠠᠮᠢᠶᠠᠷᠤᠯᠲᠠ ᠶᠢᠨ ᠰᠠᠯᠠᠭ᠎ᠠ᠄ 0471—6606238      ᠡᠮ ᠡᠮᠨᠡᠯᠭᠡ ᠶᠢᠨ ᠦᠢᠯᠡᠴᠢᠯᠡᠭᠡᠨ ᠤ ᠰᠠᠯᠠᠭ᠎ᠠ᠄ 0471—6606294      ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭ᠎ᠠ᠄ 0471—6606231      ᠣᠯᠭᠤᠮᠵᠢ ᠪᠠᠲᠤᠯᠠᠭ᠎ᠠ ᠶᠢᠨ ᠰᠠᠯᠠᠭ᠎ᠠ᠄ 0471—6606127      ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ ︵ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ 4 ᠳ᠋ᠤᠭᠡᠷ ᠲᠠᠪᠬᠤᠷᠯᠢᠭ︶ ᠤᠨ ᠠᠰᠠᠭᠤᠨ ᠯᠠᠪᠯᠠᠬᠤ ᠪᠠ ᠪᠣᠯᠵᠣᠬᠤ ᠤᠲᠠᠰᠤ ᠳᠣᠤᠷᠠᠬᠢ ᠮᠡᠲᠦ᠄      ᠳ᠋ᠦᠩᠨᠡᠨ ᠪᠤᠳᠤᠬᠤ ᠰᠠᠯᠠᠭ᠎ᠠ᠄ 0471—6905149      ᠲᠠᠨᠠᠷ ᠤᠨ ᠤᠷᠳᠤ ᠬᠤᠭᠤᠴᠠᠭᠠᠨ ᠤ ᠲᠤᠷᠰᠢ ᠮᠠᠨ ᠤ ᠠᠵᠢᠯ ᠢ ᠤᠢᠢᠯᠠᠭᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕ ᠡᠭᠦᠨ ᠤ ᠤᠯᠠᠮ ᠠᠴᠠ ᠲᠠᠨ ᠳᠤ ᠶᠠᠷᠰᠢᠭ ᠲᠦᠪᠡᠭ ᠤᠴᠠᠷᠠᠭᠤᠯᠤᠭᠰᠠᠨ ᠢ ᠠᠭᠤᠴᠢᠯᠠᠬᠤ ᠪᠣᠯᠪᠠᠤ︕      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠲᠥᠪ      2021 ᠣᠨ ᠤ 10  ᠳ᠋ᠤᠭᠠᠷ ᠰᠠᠷ᠎ᠠ ᠶᠢᠨ 24 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号