ᠠᠯᠠᠱᠠ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠡᠵᠡᠨ᠎ᠠ ᠶᠢ ᠲᠤᠰᠠᠯᠠᠪᠠ
ᠨᠡᠶᠢᠲᠡᠯᠡᠭᠰᠡᠨ ᠴᠠᠭ᠄
2021/10/27
      ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠶ ᠬᠠᠷᠢᠭᠤᠴᠠᠯᠭ᠎ᠠ ᠮᠥᠨ᠃ 10 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ 7 ᠰᠠᠶᠢᠨ ᠳᠤᠷ᠎ᠠ ᠶᠢᠨ ᠠᠵᠢᠯᠯᠠᠭᠴᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠡᠭᠦᠷᠭᠡᠲᠦ ᠰᠡᠳᠬᠢᠯᠭᠡ ᠪᠠᠷ ᠢᠷᠠᠭᠤ ᠠᠯᠳᠠᠷ ᠪᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠬᠢᠵᠢᠭ ᠤᠨ ᠪᠠᠶᠢᠳᠠᠯ ᠤᠨ ᠡᠮᠦᠨ᠎ᠡ ᠹᠷᠣᠨᠲ ᠲᠤ ᠬᠦᠷᠴᠦ᠂ ᠡᠵᠡᠨ᠎ᠡ ᠶᠢ ᠲᠤᠰᠠᠯᠠᠪᠠ᠃
     ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠰᠠᠶᠢᠨ ᠳᠤᠷ᠎ᠠ ᠶᠢᠨ ᠠᠵᠢᠯᠯᠠᠭᠴᠢᠳ ᠤᠨ ᠠᠶᠠᠨ ᠲᠡᠶᠢᠨ ᠳᠤ ᠮᠣᠷᠳᠠᠬᠤ ᠶᠣᠰᠣᠯᠠᠯ ᠳᠡᠭᠡᠷ᠎ᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠭᠦᠸᠧ ᠽᠧ ᠴᠢᠬᠤᠯᠠᠴᠢᠯᠠᠬᠤ ᠳᠠᠭᠠᠨ᠂ ᠡᠮᠴᠢᠯᠡᠭᠡ ᠶᠢᠨ ᠪᠠᠳᠤᠯᠠᠭ᠎ᠠ ᠶᠢᠨ ᠪᠥᠬᠦ ᠠᠵᠢᠯᠲᠠᠨ ᠡᠵᠡᠨ᠎ᠡ ᠶᠢᠨ ᠠᠷᠠᠳ ᠲᠦᠮᠡᠨ ᠲᠠᠢ ᠬᠠᠮᠲᠤ ᠪᠠᠷ ᠢᠲᠡᠭᠡᠯ ᠵᠣᠷᠢᠭ ᠢᠶᠠᠨ ᠪᠠᠲᠤᠳᠬᠠᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠵᠠᠪᠠᠯ ᠤᠯᠬᠤ ᠬᠡᠷᠡᠭᠲᠡᠶ ᠭᠡᠵᠡᠶ᠃ ᠰᠠᠶᠢᠨ ᠳᠤᠷ᠎ᠠ ᠶᠢᠨ ᠪᠦᠬᠦ ᠠᠵᠢᠯᠯᠠᠭᠴᠢᠳ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠷ ᠢᠳᠡᠪᠬᠢᠲᠡᠶ ᠠᠵᠢᠯᠯᠠᠬᠤ ᠬᠡᠷᠡᠭᠲᠡᠶ︔ ᠶᠡᠭᠡ ᠲᠠᠯ᠎ᠠ ᠶᠢ ᠳᠠᠭᠠᠵᠤ᠂ ᠵᠢᠯᠤᠭᠤᠳᠤᠯᠭ᠎ᠠ ᠶᠢ ᠳᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ︔ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷ ᠤᠨ ᠠᠮᠤᠷ ᠲᠦᠪᠰᠢᠨ ᠤ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ︔ ᠰᠡᠷᠭᠡᠶᠢᠯᠡᠨ ᠡᠵᠡᠮᠳᠡᠬᠦ ᠠᠵᠢᠯ ᠤᠨ ᠠᠵᠢᠯᠯᠠᠭᠠᠨ ᠤ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠥᠴᠦᠬᠡᠨ ᠴᠦ ᠠᠯᠳᠠᠰᠢ ᠭᠠᠷᠭᠠᠬᠤ ᠥᠬᠡᠶ᠂ ᠠᠮᠤᠷ ᠲᠦᠪᠰᠢᠨ ᠢᠯᠠᠯᠲᠠ ᠲᠠᠢ ᠪᠠᠷ ᠪᠤᠴᠠᠵᠤ ᠢᠷᠡᠬᠦ ᠶᠢ ᠪᠡᠶᠡᠯᠡᠭᠦᠯᠬᠦ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号