ᠪᠤᠭᠤᠲᠤ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/10/28
      ᠪᠤᠭᠤᠲᠤ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ        ﹇2021﹈ 13 ᠳ᠋ᠤᠭᠠᠷ ᠲᠣᠭᠠᠲᠤ          ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠣᠲᠣ ᠠᠵᠢᠯᠲᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄      ᠨᠢᠭᠡ᠂ ᠲᠣᠰ ᠡᠳᠦᠷ ᠠᠴᠠ ᠡᠬᠢᠯᠡᠨ᠂ ᠪᠤᠭᠤᠲᠤ ᠬᠤᠲᠠ ᠠᠴᠠ ᠭᠠᠳᠠᠨᠠᠬᠢ ᠭᠠᠵᠠᠷ ᠣᠷᠣᠨ ᠠᠴᠠ ᠮᠠᠨ ᠤ ᠬᠤᠲᠠ ᠳᠤ ᠢᠷᠡᠵᠦ ᠣᠴᠢᠬᠤ ᠬᠥᠮᠦᠰ ᠴᠥᠮ ᠡᠷᠡᠭᠦᠯ ᠮᠡᠨᠳᠦ ᠶᠢᠨ ᠺᠣᠳ᠋ ᠪᠤᠶᠤ ᠠᠶᠠᠯᠠᠯ ᠤᠨ ᠺᠣᠳ᠋ ᠵᠢᠴᠢ 48 ᠴᠠᠭ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠪᠠᠯ ᠰᠠᠶ᠋ᠢ ᠮᠠᠨ ᠤ ᠬᠤᠲᠠ ᠳᠤ ᠣᠷᠣᠵᠤ ᠪᠣᠯᠤᠨ᠎ᠠ᠃ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠬᠠᠩᠭᠠᠬᠤ ᠶᠢᠨ ᠠᠷᠭ᠎ᠠ ᠥᠬᠡᠶ ᠪᠣᠯ᠂ ᠨᠢᠭᠡᠳᠦᠭᠡᠷ ᠣᠷᠣᠬᠤ ᠭᠠᠵᠠᠷ ᠤᠨ ᠬᠤᠳᠠ ᠶᠢᠨ ᠬᠠᠷᠢᠶ᠎ᠠ ᠭᠠᠵᠠᠷ ᠲᠤ ᠮᠡᠳᠡᠭᠦᠯᠦᠨ ᠳᠠᠩᠰᠠᠯᠠᠭᠤᠯᠵᠤ᠂ ᠵᠣᠬᠢᠬᠤ ᠬᠤᠰᠢᠭᠤ ᠰᠢᠶᠠᠨ ᠲᠣᠭᠤᠷᠢᠭ ᠠᠴᠠ ᠵᠣᠬᠢᠶᠠᠨ ᠪᠠᠶᠢᠭᠤᠯᠵᠤ ᠪᠠᠶᠢᠭᠠᠳ 8 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠬᠦ ᠬᠡᠷᠡᠭᠲᠡᠶ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠦᠯᠢᠶᠡᠬᠦ ᠬᠤᠭᠤᠴᠠᠭᠠᠨ ᠳᠤ᠂ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠰᠢᠯᠵᠢᠬᠦ ᠶᠢ ᠪᠠᠭᠠᠰᠬᠠᠬᠤ ᠬᠡᠷᠡᠭᠲᠡᠶ︔ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃      ᠬᠤᠶᠠᠷ᠂ ᠨᠢᠭᠲᠠ ᠣᠶᠢᠷᠠᠲᠤᠭᠰᠠᠳ ᠪᠠ ᠳᠡᠳ᠋ ᠣᠶᠢᠷᠠᠲᠤᠭᠰᠠᠳ ᠢ 12 ᠴᠠᠭ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠬᠤ ᠭᠠᠵᠠᠷ ᠲᠤ ᠰᠢᠯᠵᠢᠭᠦᠯᠦᠨ ᠬᠦᠷᠭᠡᠵᠦ ᠠᠨᠠᠭᠠᠬᠤ ᠤᠬᠠᠭᠠᠨ ᠤ ᠲᠤᠰᠠᠭᠠᠷᠯᠠᠯᠲᠠ ᠶᠢᠨ ᠠᠵᠢᠭᠯᠠᠯᠲᠠ ᠬᠢᠯᠭᠡᠨ᠎ᠡ᠃ ᠨᠢᠭᠲᠠ ᠣᠶᠢᠷᠠᠲᠤᠭᠰᠠᠳ ᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠲᠤᠰᠠᠭᠠᠷᠯᠠᠬᠤ ᠬᠤᠭᠤᠴᠠᠭᠠᠨ ᠤ 1᠂ 4᠂ 7 ᠪᠠ 14 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠲᠤᠰᠠᠭᠠᠷᠯᠠᠬᠤ ᠪᠠᠨ ᠪᠤᠯᠢᠭᠰᠠᠨ ᠤ ᠳᠠᠷᠠᠭ᠎ᠠ 7 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠴᠤᠭᠯᠠᠷᠠᠯ ᠤᠨ ᠠᠵᠢᠯᠯᠠᠭ᠎ᠠ ᠳᠤ ᠣᠷᠣᠯᠴᠠᠬᠤ ᠥᠬᠡᠶ ᠪᠥᠭᠡᠳ 2 ᠳ᠋ᠤᠭᠠᠷ ᠡᠳᠦᠷ ᠪᠠ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠲᠡᠳ᠋ ᠨᠢᠭᠲᠠ ᠣᠶᠢᠷᠠᠲᠤᠭᠰᠠᠳ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ ᠲᠤᠰᠠᠭᠠᠷᠯᠠᠬᠤ ᠬᠤᠭᠤᠴᠠᠭᠠᠨ ᠤ 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃       ᠭᠤᠷᠪᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠤᠨ ᠳᠣᠲᠣᠷ᠎ᠠ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃ ᠳᠤᠮᠳᠠ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ ︽14 ᠡᠳᠦᠷ ᠤᠨ ᠬᠡᠷ ᠪᠦᠯᠢ ᠶᠢᠨ ᠲᠤᠰᠠᠭᠠᠷᠯᠠᠯ + 5 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠬᠤ ᠬᠤᠭᠤᠴᠠᠭᠠᠨ ᠤ 1᠂ 4᠂ 7᠂ 10᠂ 14 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃      ᠳᠥᠷᠪᠡ᠂ ᠪᠥᠬᠦ ᠬᠤᠲᠠ ᠶᠢᠨ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠢᠯᠣᠭᠤᠴᠢ ᠠᠵᠢᠯᠲᠠᠨ ᠳᠤ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠸᠠᠺᠼᠢᠨ ᠤ ᠲᠠᠷᠢᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠵᠢᠯᠲᠠᠨ ᠵᠢᠴᠢ ᠲᠡᠷᠭᠡ ᠬᠥᠰᠬᠡ ᠶᠢᠨ ᠦᠨᠳᠦᠰᠦᠨ ᠮᠡᠳᠡᠭᠡ ᠵᠠᠩᠭᠢ ᠶᠢᠨ ᠳᠡᠩᠰᠡᠯᠡᠯᠲᠡ ᠶᠢ ᠰᠠᠶᠢᠲᠤᠷ ᠬᠢᠬᠦ ᠶᠢᠨ ᠬᠠᠮᠲᠤ ᠲᠤᠰᠬᠠᠶ ᠡᠬᠡ ᠲᠠᠩᠰᠠ ᠪᠠᠶᠢᠭᠤᠯᠬᠤ ᠬᠡᠷᠡᠭᠲᠡᠶ᠃ ᠭᠠᠳᠠᠨ᠎ᠠ ᠠᠴᠠ ᠢᠷᠡᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠴᠢ ᠵᠢᠯᠣᠭᠤᠴᠢ ᠪᠠ ᠪᠤᠰᠤᠳ ᠬᠥᠮᠦᠰ ᠮᠠᠨ ᠤ ᠬᠤᠲᠠ ᠳᠤ ᠪᠠᠷᠠᠭ᠎ᠠ ᠲᠡᠭᠡᠭᠡᠪᠦᠷᠢᠯᠡᠬᠦ ᠳᠤ᠂ ︽ᠴᠢᠭ ᠠᠴᠠ ᠴᠢᠭ ᠲᠤ ᠬᠥᠷᠬᠦ︾ ᠵᠠᠷᠴᠢᠮ ᠶᠣᠰᠣᠭᠠᠷ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠡᠷᠡᠭᠴᠡᠭᠡ ᠥᠬᠡᠶ ᠬᠥᠮᠦᠰ ᠤᠨ ᠣᠶᠢᠷᠠᠲᠤᠯᠴᠠᠬᠤ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃      ᠲᠠᠪᠤ᠂ ᠬᠠᠮᠢᠶ᠎ᠠ ᠪᠥᠬᠦᠶ ᠬᠥᠮᠦᠰ ᠪᠤᠶᠤ ᠨᠢᠭᠡᠴᠢ ᠨᠦ᠋ᠭᠦᠳ‌ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ ᠪᠤᠶᠤ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠣᠶ ᠪᠣᠯᠭᠠᠭᠰᠠᠨ ᠪᠤᠶᠤ ᠪᠤᠰᠤᠳ ᠬᠦᠨᠳᠦ ᠨᠣᠴᠢᠲᠠᠶ ᠦᠷ᠎ᠡ ᠳ᠋ᠦᠩ ᠢ ᠪᠣᠶ ᠪᠣᠯᠭᠠᠭᠰᠠᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃          ᠳᠠᠭᠠᠯᠳᠤᠭᠤᠯᠤᠯ᠄      1᠂ ᠬᠤᠲᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ      2᠂ ᠴᠢᠮᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ᠂  ᠪᠤᠭᠤᠳᠤ ᠶᠢᠨ ᠡᠷᠡᠭᠦᠯ ᠮᠡᠨᠳᠦ 365 ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ ᠬᠤᠶᠠᠷ ᠬᠡᠮᠵᠢᠯᠳᠦ ᠺᠣᠳ᠋          ᠪᠤᠭᠤᠲᠤ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ      2021 ᠣᠨ ᠤ 10 ᠳ᠋ᠤᠭᠠᠷ ᠰᠠᠷ᠎ᠠ ᠶᠢᠨ 25 ᠤ ᠡᠳᠦᠷ
 
ᠢᠷᠡᠯᠲᠡ᠄ ᠪᠤᠭᠤᠳᠦ ᠬᠤᠳᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号