ᠠᠯᠠᠱᠠ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ︽ᠨᠠᠢᠮᠠᠨ ᠪᠥᠬᠦ ᠬᠦᠴᠦᠨ︾ ᠢ ᠪᠠᠷᠢᠮᠲᠠᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠤᠰᠠᠳᠬᠠᠬᠤ ᠲᠡᠶᠢᠨ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/10/29
      ᠲᠤᠰ ᠠᠶᠢᠮᠠᠭ ᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠰᠢ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠥᠨᠥᠭᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃      ᠨᠢᠭᠡᠳᠦᠭᠡᠷ ᠲᠤ᠂ ᠲᠤᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠨᠢᠭᠡ ᠳᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠡᠷᠡ ᠳᠠᠷᠤᠶ ᠳᠤᠨᠢ ᠬᠤᠷᠠᠯ ᠬᠤᠷᠠᠯᠳᠤᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃ ᠬᠤᠶᠠᠷ ᠲᠤ᠂ ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ ᠳᠠᠷᠤᠶ ᠲᠦᠷᠭᠡᠨ ᠡᠬᠢᠯᠡᠭᠦᠯᠵᠦ᠂ ᠬᠠᠷᠠᠭᠠᠯᠵᠠᠯ ᠪᠠᠲᠤᠯᠠᠭ᠎ᠠ ᠶᠢᠨ ᠳᠤᠭᠤᠶᠢᠯᠠᠩ᠂ ᠡᠮ ᠲᠠᠩ ᠤᠨ ᠦᠨ᠎ᠡ ᠬᠠᠩᠰᠢ ᠪᠠ ᠦᠢᠯᠡᠴᠢᠯᠡᠭᠡᠨ ᠤ ᠳᠤᠭᠤᠶᠢᠯᠠᠩ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠤᠭᠤᠶᠢᠯᠠᠩ ᠢ ᠪᠦᠷᠢᠯᠳᠦᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠᠬᠢ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠥᠴᠢᠷ ᠤᠨ  ᠦᠢᠯᠡᠳᠦᠯ ᠢ ᠦᠨᠡᠨ ᠬᠦ ᠪᠠᠳᠠᠷᠠᠭᠤᠯᠪᠠ᠃      ᠬᠤᠶᠠᠳᠤᠭᠠᠷ ᠲᠤ᠂ ᠡᠵᠡᠨ᠎ᠡ ᠬᠤᠰᠢᠭᠤᠨ ᠤ ᠬᠢᠵᠢᠭ ᠢ ᠡᠰᠡᠷᠭᠦᠴᠡᠬᠦ ᠳᠤ ᠪᠦᠬᠦ ᠬᠦᠴᠦᠨ ᠢᠶᠠᠷ ᠢᠶᠠᠨ ᠲᠤᠰᠠᠯᠠᠪᠠ᠃ 7 ᠰᠠᠶᠢᠨ ᠳᠤᠷ᠎ᠠ ᠶᠢᠨ ᠠᠵᠢᠯᠯᠠᠭᠴᠢ ᠶᠢ ᠰᠣᠩᠭᠤᠨ ᠲᠣᠮᠢᠯᠠᠵᠤ᠂ ᠰᠢᠯᠢᠳᠡᠭ ᠡᠩᠨᠡᠭᠡ ᠵᠣᠬᠢᠶᠠᠨ ᠪᠠᠶᠢᠭᠤᠯᠵᠤ ᠡᠵᠡᠨ᠎ᠡ ᠬᠤᠰᠢᠭᠤᠨ ᠳᠤ ᠣᠴᠢᠭᠤᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠲᠤᠰᠠᠯᠠᠪᠠ᠃      ᠭᠤᠷᠪᠠᠳᠤᠭᠠᠷ ᠲᠤ᠂ ᠡᠮᠴᠢᠯᠡᠭᠡ ᠶᠢᠨ ᠪᠠᠳᠤᠯᠠᠭ᠎ᠠ ᠶᠢᠨ ᠪᠠᠯᠠ ᠮᠥᠩᠭᠦ ᠶᠢᠨ ᠬᠠᠮᠢᠶᠠᠷᠤᠯᠳᠠ ᠠᠴᠠ ᠪᠥᠬᠦ ᠠᠶᠢᠮᠠᠭ ᠤᠨ ᠡᠯ᠎ᠡ ᠬᠤᠰᠢᠭᠤ ︵ᠲᠣᠭᠤᠷᠢᠭ︶ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠴᠢᠭ ᠲᠣᠭᠲᠠᠭᠠᠨ ᠠᠪᠤᠷᠠᠨ ᠵᠠᠰᠠᠬᠤ ᠡᠮᠴᠢᠯᠡᠭᠡᠨ ᠤ ᠪᠠᠶᠢᠭᠤᠯᠤᠮᠵᠢ ᠳᠤ 1000 ᠲᠦᠮᠡᠨ ᠲᠥᠭᠦᠷᠢᠭ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠰᠠᠯᠭᠠᠨ ᠥᠭᠴᠦ᠂ ᠡᠭᠦᠨ ᠳᠤ ᠡᠵᠡᠨ᠎ᠡ ᠬᠤᠰᠢᠭᠤᠨ ᠤ 500 ᠲᠦᠮᠡᠨ ᠲᠥᠭᠦᠷᠢᠭ ᠢ ᠤᠷᠢᠳᠴᠢᠯᠠᠨ ᠰᠠᠯᠭᠠᠨ ᠥᠭᠴᠦ᠂ ᠡᠪᠡᠳᠴᠢᠲᠡᠨ ᠤ ᠵᠠᠷᠤᠳᠠᠯ ᠤᠨ ᠠᠰᠠᠭᠤᠳᠠᠯ ᠠᠴᠠ ᠪᠣᠯᠵᠣ ᠡᠮᠨᠡᠭᠦᠯᠬᠦ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠳᠤᠯᠠᠪᠠ᠃      ᠳᠥᠷᠪᠡᠳᠦᠭᠡᠷ ᠲᠤ᠂ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠵᠦ᠂ ᠭᠥᠯᠢᠶᠡᠨ ᠠᠪᠴᠤ ᠡᠮᠨᠡᠨ ᠵᠠᠰᠠᠬᠤ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠮᠥᠩᠭᠦ ᠳᠥᠯᠥᠬᠦ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠠᠴᠠ ᠪᠣᠯᠵᠣ ᠠᠪᠤᠷᠠᠨ ᠵᠠᠰᠠᠬᠤ ᠶᠢ ᠨᠦᠯᠦᠭᠡᠯᠡᠬᠦ ᠦᠭᠡᠢ ᠪᠠᠶᠢᠬᠤ ᠶᠢ ᠦᠨᠡᠨᠬᠦ ᠪᠠᠳᠤᠯᠠᠪᠠ᠃      ᠲᠠᠪᠤᠳᠤᠭᠠᠷ ᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮ ᠲᠠᠩ ᠪᠠ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠪᠥᠬᠦ ᠬᠦᠴᠦᠨ ᠢᠶᠠᠷ ᠢᠶᠠᠨ ᠪᠠᠳᠤᠯᠠᠪᠠ᠃ ︽ᠬᠤᠶᠠᠷ ᠢ ᠲᠣᠭᠲᠠᠭᠠᠬᠤ︾ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠨᠢᠭᠡ ᠳᠤ᠂ ᠡᠮ ᠲᠠᠩ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠪᠠ ᠬᠡᠯᠬᠢᠶ᠎ᠡ ᠡᠮ ᠤᠨ ᠳᠡᠯᠭᠡᠭᠦᠷ ᠢ ᠬᠢᠨᠠᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠡᠵᠡᠮᠰᠢᠪᠡ᠃ 10 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ᠂ ᠱᠠᠨᠰᠢ ᠶᠢᠨ ᠢ ᠵᠧᠤ ᠵᠡᠷᠭᠡ 5 ᠴᠢᠭ ᠲᠣᠭᠲᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠡᠶᠢᠲᠡ 12412 ᠡᠮ ᠲᠠᠩ ᠢ ᠨᠥᠭᠡᠴᠡᠯᠡᠵᠦ᠂ 2764 ᠲᠦᠮᠡᠨ ᠲᠥᠭᠦᠷᠢᠭ ᠤᠨ ᠥᠷᠲᠡᠭ ᠲᠠᠢ ᠪᠠᠶᠢᠵᠤ᠂ ᠮᠠᠨ ᠤ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠴᠢᠭ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠡᠮ ᠲᠠᠩ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠡᠪᠡᠳᠴᠢᠲᠡᠨ ᠤ ᠡᠮ ᠬᠡᠷᠡᠭᠯᠡᠬᠦ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠳᠡᠶᠢᠯᠦᠨ᠎ᠡ︔ ᠬᠤᠶᠠᠷ ᠲᠤ᠂ ᠡᠮ ᠲᠠᠩ ᠢ ᠳᠣᠭᠢᠷᠠᠭᠤᠯᠤᠨ ᠬᠦᠷᠭᠡᠬᠦ ᠶᠢ ᠨᠠᠶᠢᠳᠠᠪᠤᠷᠢᠵᠢᠭᠤᠯᠬᠤ ᠶᠢ ᠳᠠᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠵᠥᠪᠳᠡᠯᠴᠡᠬᠡᠷ ᠢᠶᠠᠷ ᠬᠠᠮᠢᠶᠠᠷᠬᠤ ᠴᠢᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠶᠢ ᠲᠠᠰᠤᠯᠳᠤᠭᠤᠯᠬᠤ ᠦᠭᠡᠢ ᠪᠠᠶᠢᠬᠤ ᠶᠢ ᠪᠠᠳᠤᠯᠠᠪᠠ᠃ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠡᠮ ᠲᠠᠩ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠮᠥᠷᠳᠡᠨ ᠣᠶᠢᠯᠠᠭᠠᠵᠤ᠂ ᠡᠯ᠎ᠡ ᠡᠮ ᠲᠠᠩ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠭᠦᠨᠵᠡᠭᠡᠶᠢᠷᠡᠨ ᠡᠮ ᠲᠠᠩ ᠢ ᠨᠥᠭᠡᠴᠡᠯᠡᠬᠦ ᠪᠠ ᠳᠣᠭᠢᠷᠠᠭᠤᠯᠤᠨ ᠬᠦᠷᠭᠡᠬᠦ ᠤᠴᠢᠷ ᠶᠠᠪᠤᠳᠠᠯ ᠢ ᠳᠠᠭᠠᠵᠤ᠂ ᠡᠯ᠎ᠡ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢᠭᠡᠨᠲᠡ ᠡᠵᠡᠨ᠎ᠡ ᠬᠤᠰᠢᠭᠤᠨ ᠳᠤ 16 ᠲᠡᠷᠭᠡ ᠤᠳᠠᠭ᠎ᠠ᠂ 260 ᠭᠠᠷᠤᠶ ᠲᠦᠮᠡᠨ ᠲᠥᠭᠦᠷᠢᠭ ᠤᠨ ᠡᠮ ᠲᠠᠩ ᠵᠡᠷᠭᠡ ᠡᠳ᠋ ᠪᠣᠳᠠᠰ ᠢ ᠳᠣᠭᠢᠷᠠᠭᠤᠯᠤᠨ ᠬᠦᠷᠭᠡᠵᠦ᠂ ᠡᠵᠡᠨ᠎ᠡ ᠬᠤᠰᠢᠭᠤᠨ ᠤ ᠡᠯ᠎ᠡ ᠡᠮ ᠡᠮᠨᠡᠯᠭᠡ ᠶᠢᠨ ᠳᠠᠭᠠᠳᠬᠠᠯ ᠤᠨ ᠵᠥᠪᠳᠡᠯᠴᠡᠨ ᠬᠠᠮᠢᠶᠠᠷᠬᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃ ᠭᠤᠷᠪᠠ ᠳᠤ᠂ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠤᠨ ᠬᠤᠳᠠᠯᠳᠤᠨ ᠠᠪᠬᠤ ᠰᠠᠭᠠᠳ ᠥᠬᠡᠶ ᠨᠡᠪᠲᠡᠷᠡᠬᠦ ᠵᠠᠮ ᠢ ᠨᠡᠪᠳᠡᠷᠡᠭᠦᠯᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠪᠤᠷᠠᠨ ᠵᠠᠰᠠᠬᠤ ᠡᠮ ᠲᠠᠩ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠰᠢᠨ᠎ᠡ ᠲᠢᠳᠢᠮᠯᠢᠭ ᠸᠢᠷᠦ᠋ᠰ ᠢ ᠪᠠᠶᠢᠴᠠᠭᠠᠨ ᠬᠡᠮᠵᠢᠬᠦ ᠬᠠᠮᠢᠶ᠎ᠠ ᠪᠥᠬᠦᠶ ᠤᠷᠪᠠᠯᠵᠢ ᠶᠢ ᠬᠠᠮᠢᠶ᠎ᠠ ᠪᠥᠬᠦᠶ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠰᠠᠯᠠᠭ᠎ᠠ ᠮᠥᠴᠢᠷ ᠲᠠᠢ ᠵᠣᠬᠢᠴᠠᠭᠤᠯᠵᠤ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠤᠲᠠ ᠶᠢᠨ ᠲᠣᠭᠤᠷᠢᠭ ᠢᠶᠠᠷ ᠣᠷᠣᠵᠤ ᠭᠠᠷᠬᠤ ᠳᠤ ᠰᠠᠭᠠᠳ ᠥᠬᠡᠶ ᠨᠡᠪᠲᠡᠷᠡᠬᠦ ᠵᠠᠮ ᠢᠶᠠᠷ ᠶᠠᠪᠤᠬᠤ ᠳᠤ ᠲᠥᠬᠦᠮ ᠦᠵᠡᠭᠦᠯᠦᠨ᠎ᠡ︔ ᠳᠥᠷᠪᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠢᠨᠠᠨ ᠬᠡᠮᠵᠢᠬᠦ ᠬᠠᠮᠢᠶᠠᠷᠤᠯᠲᠠ ᠶᠢ  ᠴᠢᠩᠭᠠᠳᠬᠠᠪᠠ᠃ ᠡᠳᠦᠷ ᠤᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠵᠤ᠂ ᠬᠤᠯᠪᠣᠭᠳᠠᠯ ᠪᠥᠬᠦᠶ ᠬᠤᠳᠠᠯᠳᠤᠨ ᠠᠪᠬᠤ ᠦᠨ᠎ᠡ ᠬᠠᠩᠰᠢ ᠪᠠ ᠬᠠᠩᠭᠠᠯᠭ᠎ᠠ ᠶᠢᠨ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠬᠠᠩᠭᠠᠯᠭ᠎ᠠ ᠪᠠ ᠦᠨ᠎ᠡ ᠬᠠᠩᠰᠢ ᠶᠢᠨ ᠪᠠᠶᠢᠳᠠᠯ ᠬᠡᠪ ᠤᠨ ᠪᠤᠰᠤ ᠪᠠᠶᠢᠪᠠᠯ᠂ ᠴᠠᠭ ᠲᠤᠬᠠᠶ ᠳᠤᠨᠢ ᠲᠣᠬᠢᠲᠠᠶ ᠠᠷᠭᠠᠴᠠᠨ᠎ᠠ᠃ ᠲᠠᠪᠤ ᠳᠤ᠂ ᠡᠮ ᠲᠠᠩ ᠪᠠ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ ᠬᠤᠷᠳᠤᠴᠠ ᠶᠢ ᠲᠦᠷᠭᠡᠳᠭᠡᠪᠡ᠃ ᠹᠠᠺᠰ᠂ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠢᠶᠠᠨ ᠲᠤᠰᠢᠶᠠᠵᠤ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ︽ᠨᠢᠭᠡ ᠴᠦ ᠭᠦᠶᠦᠯᠭᠡᠬᠦ ᠥᠬᠡᠶ︾᠂ ︽ᠨᠢᠭᠤᠷ ᠵᠣᠯᠭᠠᠭᠤᠯᠬᠤ ᠥᠬᠡᠶ ᠪᠠᠷ ᠭᠦᠢᠴᠡᠳᠭᠡᠬᠦ︾ ᠶᠢ ᠪᠡᠶᠡᠯᠡᠭᠦᠯᠵᠦ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠪᠠ ᠡᠮᠨᠡᠯᠭᠡ ᠶᠢᠨ ᠬᠤᠷᠢᠶ᠎ᠠ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ᠂ ᠪᠠᠷᠠᠭᠠᠨ ᠤ ᠢᠷᠡᠯᠲᠡ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠮᠠᠨ ᠤ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠢᠯ ᠢ ᠴᠠᠭ ᠲᠤᠬᠠᠶ ᠳᠤᠨᠢ ᠥᠨᠳᠥᠷ ᠦᠷ᠎ᠡ ᠪᠦᠲᠦᠮᠵᠢ ᠲᠠᠢ ᠪᠠᠶᠢᠯᠭᠠᠬᠤ ᠶᠢ ᠦᠨᠡᠨᠬᠦ ᠪᠠᠳᠤᠯᠠᠪᠠ᠃      ᠵᠢᠷᠭᠤᠳᠤᠭᠠᠷ ᠲᠤ᠂ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠪ ᠤᠨ ᠶᠠᠪᠤᠭᠳᠠᠬᠤ ᠶᠢ ᠪᠠᠳᠤᠯᠠᠪᠠ᠃ 9 ᠰᠠᠷ᠎ᠠ ᠶᠢᠨ ᠰᠡᠭᠦᠯᠴᠢ ᠪᠠᠷ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠮᠠᠨ ᠤ ᠠᠶᠢᠮᠠᠭ ᠲᠤ ᠠᠵᠢᠯᠯᠠᠭᠠᠨ ᠡᠬᠢᠯᠡᠪᠡ᠃ ᠡᠨᠡ ᠬᠤᠭᠤᠴᠠᠭᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠴᠦ᠂ ᠮᠠᠨ ᠤ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠳᠤ ᠪᠠᠴᠢᠮ ᠱᠠᠭᠠᠷᠳᠠᠯᠭ᠎ᠠ ᠳᠤᠷᠠᠳᠴᠤ᠂ ᠮᠠᠨ ᠤ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠪ ᠤᠨ ᠠᠵᠢᠯᠯᠠᠭᠠᠨ ᠢ ᠤᠷᠢᠳᠠᠪᠠᠷ ᠪᠠᠲᠤᠯᠠᠵᠤ ᠂ ᠮᠠᠨ ᠤ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠲᠤᠷᠰᠢᠨ ᠠᠵᠢᠯᠯᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠷᠢᠳᠠᠪᠠᠷ ᠰᠢᠢᠳᠪᠦᠷᠢᠯᠡᠵᠦ᠂ ᠡᠪᠡᠳᠴᠢᠲᠡᠨ ᠤ ᠡᠮ ᠬᠤᠳᠠᠯᠳᠤᠨ ᠠᠪᠬᠤ ᠳᠤ ᠲᠥᠬᠦᠮ ᠪᠠᠶᠢᠬᠤ ᠶᠢ ᠦᠨᠡᠨ ᠬᠦ ᠪᠠᠲᠤᠯᠠᠪᠠ᠃      ᠳᠣᠯᠣᠳᠤᠭᠠᠷ ᠲᠤ᠂ ᠤᠳᠠᠭᠠᠨ ᠴᠢᠨᠠᠷᠲᠠᠶ ᠡᠪᠡᠳᠴᠢᠲᠡᠨ ᠤ ᠡᠮ ᠬᠡᠷᠡᠭᠯᠡᠬᠦ ᠶᠢ ᠲᠠᠰᠤᠯᠳᠠᠭᠤᠯᠬᠤ ᠦᠭᠡᠢ ᠶᠢ ᠪᠥᠬᠦ ᠬᠦᠴᠦᠨ ᠢᠶᠠᠷ ᠢᠶᠠᠨ  ᠪᠠᠳᠤᠯᠠᠪᠠ᠃ ᠨᠢᠭᠡ ᠳᠤ᠂ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠦᠳᠲᠡᠷ ᠲᠦᠷᠭᠡᠨ ᠴᠢᠩᠭᠠᠳᠬᠠᠵᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠳᠤ ᠠᠶᠢᠮᠠᠭ ᠳᠣᠲᠣᠷ᠎ᠠ ᠪᠠᠨ ᠡᠮ ᠬᠤᠳᠠᠯᠳᠤᠨ ᠠᠪᠬᠤ ᠳᠤ ᠲᠤᠬᠠᠶ ᠶᠢᠨ ᠭᠠᠵᠠᠷ ᠪᠠ ᠣᠶᠢᠷ᠎ᠠ ᠬᠠᠪᠢ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠳᠤᠷ᠎ᠠ ᠶᠢᠨ ᠨᠢᠭᠡ ᠲᠣᠭᠲᠠᠮᠠᠯ ᠡᠮ ᠡᠮᠨᠡᠯᠭᠡ ᠶᠢᠨ ᠪᠠᠶᠢᠭᠤᠯᠤᠮᠵᠢ ᠶᠢᠨ ᠳᠣᠲᠣᠷ᠎ᠠ ᠠᠴᠠ ᠡᠮ ᠬᠤᠳᠠᠯᠳᠤᠨ ᠠᠪᠬᠤ ᠶᠢ ᠴᠢᠯᠥᠭᠡᠲᠡᠶ ᠰᠣᠩᠭᠤᠵᠤ ᠪᠣᠯᠤᠨ᠎ᠠ᠂ ᠳᠠᠩᠰᠠᠯᠠᠭᠤᠯᠬᠤ ᠴᠢᠬᠤᠯᠠ ᠥᠬᠡᠶ ᠭᠡᠵᠦ ᠳᠠᠬᠢᠨᠲᠠ ᠠᠯᠪᠠᠨ ᠵᠠᠷ ᠨᠡᠶᠢᠲᠡᠯᠡᠵᠦ ᠮᠡᠳᠡᠭᠳᠡᠪᠡ᠃ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠳᠤ ᠣᠷᠳᠣ ᠵᠣᠷ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠨᠢᠭᠡ ᠯᠡ ᠤᠳᠠᠭ᠎ᠠ ᠳᠤ 3 ᠰᠠᠷ᠎ᠠ ᠶᠢᠨ ᠬᠡᠷᠡᠭᠯᠡᠬᠦ ᠡᠮ ᠤᠨ ᠬᠡᠮᠵᠢᠶ᠎ᠡ ᠶᠢ ᠭᠠᠷᠭᠠᠨ ᠥᠭᠴᠦ ᠪᠣᠯᠤᠨ᠎ᠠ᠂ ᠳᠠᠩᠰᠠᠯᠠᠭᠤᠯᠬᠤ ᠴᠢᠬᠤᠯᠠ ᠥᠬᠡᠶ᠃ ᠬᠤᠶᠠᠷ ᠲᠤ᠂ ᠪᠥᠬᠦ ᠠᠶᠢᠮᠠᠭ ᠤᠨ ᠤᠳᠠᠭᠠᠨ ᠴᠢᠨᠠᠷᠲᠠᠶ ᠡᠪᠡᠳᠴᠢᠨ ᠤ ᠲᠣᠭᠲᠠᠮᠠᠯ ᠴᠡᠭ ᠤᠨ ᠡᠮ ᠤᠨ ᠳᠡᠯᠭᠡᠭᠦᠷ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠪᠠᠶᠢᠭᠤᠯᠵᠤ᠂ ᠡᠯ᠎ᠡ ᠬᠤᠰᠢᠭᠤ ︵ᠲᠣᠭᠤᠷᠢᠭ︶ ᠶᠢᠨ ᠤᠳᠠᠭᠠᠨ ᠴᠢᠨᠠᠷᠲᠠᠶ ᠡᠪᠡᠳᠴᠢᠨ ᠤ ᠲᠣᠭᠲᠠᠮᠠᠯ ᠴᠡᠭ ᠤᠨ ᠡᠮ ᠤᠨ ᠳᠡᠯᠭᠡᠭᠦᠷ ᠤᠨ ᠡᠮ ᠲᠠᠩ ᠳᠤᠲᠠᠭᠳᠠᠵᠤ ᠪᠠᠶᠢᠭ᠎ᠠ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠪᠲᠡᠷᠡᠭᠦᠯᠵᠦ᠂ ᠬᠡᠷᠡᠭᠴᠡᠭᠡ ᠱᠠᠭᠠᠷᠳᠠᠯᠭ᠎ᠠ ᠶᠢ ᠬᠠᠮᠲᠤ ᠪᠠᠷ ᠡᠳ᠋ᠯᠡᠵᠦ᠂ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ  ᠪᠡᠶᠡᠯᠡᠭᠦᠯᠪᠡ᠃      ᠨᠠᠢᠮᠠᠳᠤᠭᠠᠷ ᠲᠤ᠂ ᠪᠠᠶᠠᠨᠬᠤᠲᠠ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠥᠬᠦ ᠬᠦᠴᠦᠨ ᠢᠶᠠᠷ ᠢᠶᠠᠨ ᠲᠡᠮᠵᠢᠪᠡ᠃ ᠲᠣᠪᠴᠢᠶ᠎ᠠ ᠶᠢᠨ ᠨᠠᠮ ᠤᠨ ᠡᠭᠦᠷ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠶᠢ ᠦᠳᠲᠡᠷ ᠲᠦᠷᠭᠡᠨ ᠪᠠᠶᠢᠭᠤᠯᠵᠤ᠂ ᠲᠡᠷᠡ ᠳᠠᠷᠤᠶ ᠳᠤᠨᠢ ᠬᠤᠯᠪᠤᠭᠠᠯᠠᠨ ᠲᠠᠭᠠᠭᠠᠴᠢᠯᠠᠭᠰᠠᠨ ᠨᠡᠶᠢᠭᠡᠮ ᠲᠣᠭᠤᠷᠢᠭ ᠲᠤ ᠪᠠᠭᠤᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠦᠨ᠂ ᠵᠢᠵᠢᠭ ᠲᠣᠭᠤᠷᠢᠭ ᠢᠶᠠᠷ ᠣᠷᠣᠵᠤ ᠭᠠᠷᠬᠤ ᠬᠥᠮᠦᠰ ᠲᠤ ᠳᠡᠩᠰᠡᠯᠡᠯᠲᠡ ᠪᠠ ᠪᠡᠶ᠎ᠡ ᠶᠢᠨ ᠳᠤᠯᠠᠭᠠᠨ ᠤ ᠬᠡᠮᠵᠢᠯᠲᠡ ᠬᠢᠵᠦ᠂ ᠣᠯᠠᠨ ᠨᠡᠶᠢᠲᠡ ᠶᠢᠨ ᠲᠠᠯᠠᠪᠤᠷ ᠢ ᠠᠷᠢᠭᠤᠳᠬᠠᠨ᠂ ᠲᠤᠰ ᠭᠠᠵᠠᠷ ᠤᠨ ᠠᠮᠤᠷ ᠲᠦᠪᠰᠢᠨ ᠢ ᠪᠠᠲᠤᠯᠠᠪᠠ᠃
 
ᠢᠷᠡᠯᠲᠡ᠄ ᠠᠯᠠᠱᠠ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号