ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠡᠮ ᠲᠠᠩ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠪᠠᠳᠤᠯᠠᠭ᠎ᠠ ᠶᠢ ᠲᠦᠷᠭᠡᠳᠬᠡᠨ ᠠᠬᠢᠭᠤᠯᠪᠠ
ᠨᠡᠶᠢᠲᠡᠯᠡᠭᠰᠡᠨ ᠴᠠᠭ᠄
2021/10/31
      ᠬᠢᠵᠢᠭ ᠤᠨ ᠬᠤᠭᠤᠴᠠᠭᠠᠨ ᠳᠤ ᠪᠦᠬᠦ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠵᠥᠪᠳᠡᠯᠴᠡᠨ ᠬᠠᠮᠢᠶᠠᠷᠬᠤ ᠴᠢᠭ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠲᠠᠩ ᠤᠨ ᠲᠠᠰᠤᠷᠠᠬᠤ ᠦᠭᠡᠢ ᠶᠢ ᠪᠠᠳᠤᠯᠠᠬᠤ ᠶᠢᠨ ᠲᠦᠯᠦᠭᠡ᠂ 10 ᠳ᠋ᠤᠭᠠᠷ ᠰᠠᠷ᠎ᠠ ᠶᠢᠨ 27 ᠤ ᠡᠳᠦᠷ᠂ ᠠᠶᠢᠮᠠᠭ ‍ᠤᠨ‌ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠠᠴᠠ ᠠᠯᠠᠱᠠ ᠠᠶᠢᠮᠠᠭ ᠤᠨ ᠡᠮ ᠡᠮᠨᠡᠯᠭᠡ᠂ ᠸᠧᠶ ᠺᠠᠩ ᠡᠮ ᠤᠨ ᠦᠢᠯᠡᠰ᠂ ᠺᠠᠩ ᠶᠤᠸᠠᠢ ᠡᠮ ᠤᠨ ᠦᠢᠯᠡᠰ᠂ ᠰᠢᠶᠠᠩ ᠾᠧ ᠡᠮ ᠤᠨ ᠦᠢᠯᠡᠰ ᠵᠡᠷᠭᠡ ᠠᠵᠤ ᠠᠬᠤᠶᠢᠯᠠᠯ ᠢ ᠬᠢᠨᠠᠨ ᠵᠢᠯᠣᠭᠤᠳᠴᠤ᠂ ᠣᠳᠣᠬᠠᠨ ᠤ ᠡᠯ᠎ᠡ ᠠᠵᠤ ᠠᠬᠤᠶᠢᠯᠠᠯ ᠤᠨ ᠡᠮ ᠣᠷᠣᠭᠤᠯᠬᠤ᠂ ᠳᠣᠭᠢᠷᠠᠭᠤᠯᠤᠨ ᠬᠦᠷᠭᠡᠬᠦ ᠠᠷᠭ᠎ᠠ ᠵᠠᠮ ᠰᠠᠭᠠᠳ ᠥᠬᠡᠶ ᠪᠠᠶᠢᠬᠤ ᠡᠰᠡᠬᠦ ᠵᠢᠴᠢ ᠡᠮ ᠲᠠᠩ ᠤᠨ ᠨᠥᠭᠡᠴᠡ ᠭᠦᠢᠴᠡᠳ ᠪᠠᠶᠢᠬᠤ ᠡᠰᠡᠬᠦ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠡᠯ᠎ᠡ ᠡᠮ ᠡᠮᠨᠡᠯᠭᠡ ᠶᠢᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠬᠦᠴᠢᠷ ᠪᠡᠷᠬᠡ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠪᠠᠳᠠᠷᠠᠭᠤᠯᠤᠨ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠮ  ᠲᠠᠩ ᠤᠨ ᠬᠠᠩᠭᠠᠯᠭ᠎ᠠ ᠶᠢ ᠪᠥᠬᠦ ᠲᠠᠯ᠎ᠠ ᠪᠠᠷ ᠪᠠᠲᠤᠯᠠᠬᠤ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠡᠮ ᠲᠠᠩ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠮᠥᠷᠳᠡᠨ ᠣᠶᠢᠯᠠᠭᠠᠵᠤ᠂ ᠡᠯ᠎ᠡ ᠠᠵᠤ ᠠᠬᠤᠶᠢᠯᠠᠯ ᠳᠤ ᠭᠦᠨᠵᠡᠭᠡᠶᠢᠷᠡᠨ ᠡᠮ ᠲᠠᠩ ᠢ ᠨᠥᠭᠡᠴᠡᠯᠡᠬᠦ ᠪᠠ ᠳᠣᠭᠢᠷᠠᠭᠤᠯᠤᠨ ᠬᠦᠷᠭᠡᠬᠦ ᠶᠠᠪᠤᠳᠠᠯ ᠢ ᠳᠠᠭᠠᠵᠤ᠂ 4 ᠠᠵᠤ ᠠᠬᠤᠶᠢᠯᠠᠯ ᠡᠵᠡᠨ᠎ᠡ ᠬᠤᠰᠢᠭᠤᠨ ᠳᠤ 16 ᠲᠡᠷᠭᠡ ᠤᠳᠠᠭ᠎ᠠ᠂ 260 ᠭᠠᠷᠤᠶ ᠲᠦᠮᠡᠨ ᠲᠥᠭᠦᠷᠢᠭ ᠤᠨ ᠡᠮ ᠲᠠᠩ ᠵᠡᠷᠭᠡ ᠡᠳ᠋ ᠪᠣᠳᠠᠰ ᠢ ᠳᠣᠭᠢᠷᠠᠭᠤᠯᠤᠨ ᠬᠦᠷᠭᠡᠵᠦ᠂ ᠡᠵᠡᠨ᠎ᠡ ᠬᠤᠰᠢᠭᠤᠨ ᠤ ᠡᠯ᠎ᠡ ᠡᠮ ᠡᠮᠨᠡᠯᠭᠡ ᠶᠢᠨ ᠳᠠᠭᠠᠳᠬᠠᠯ ᠤᠨ ᠵᠥᠪᠯᠡᠯᠴᠡᠭᠡᠷ ᠤᠨ ᠬᠠᠮᠢᠶᠠᠷᠤᠯᠲᠠ ᠶᠢᠨ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠬᠡᠷᠡᠭᠯᠡᠬᠦ ᠳᠤ ᠢᠳᠡᠪᠬᠢᠲᠡᠶ ᠦᠢᠯᠡᠳᠦᠯ ᠦᠵᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号