ᠮᠠᠨ ᠤ ᠣᠷᠣᠨ ᠤ 61 ᠵᠦᠢᠯ ᠤᠨ ᠡᠮ ᠲᠠᠩ ᠤᠨ ᠦᠨ᠎ᠡ ᠶᠢ ᠳᠤᠮᠳᠠᠴᠢ ᠪᠠᠷ 56% ᠪᠠᠷ ᠪᠠᠭᠤᠷᠠᠭᠤᠯᠪᠠ
ᠨᠡᠶᠢᠲᠡᠯᠡᠭᠰᠡᠨ ᠴᠠᠭ᠄
2021/10/31
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠨᠢ᠂ ᠤᠯᠤᠰ ᠠᠴᠠ ᠵᠤᠬᠢᠶᠠᠨ ᠪᠠᠶᠢᠭᠤᠯᠤᠭᠰᠠᠨ ᠳᠥᠷᠪᠡᠨ ᠪᠦᠯᠦᠭ 157 ᠡᠮ ᠲᠠᠩ ᠢ ᠮᠠᠨ ᠤ ᠣᠷᠣᠨ ᠳᠤ ᠲᠥᠪᠯᠡᠷᠡᠭᠦᠯᠦᠨ ᠬᠤᠳᠠᠯᠳᠤᠨ ᠠᠪᠤᠭᠰᠠᠨ ᠠᠴᠠ ᠨᠠᠰᠢ᠂ ᠲᠠᠪᠤᠳᠤᠭᠠᠷ ᠪᠦᠯᠦᠭ ᠤᠨ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠦᠷ᠎ᠡ ᠳ᠋ᠦᠩ ᠢ 10 ᠳ᠋ᠤᠭᠠᠷ ᠰᠠᠷ᠎ᠠ ᠶᠢᠨ 28 ᠤ ᠡᠳᠦᠷ ᠮᠠᠨ ᠤ ᠣᠷᠣᠨ ᠳᠤ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠰᠤᠩᠭᠤᠭᠳᠠᠭᠰᠠᠨ 61 ᠲᠥᠷᠥᠯ ᠵᠦᠢᠯ ᠤᠨ ᠡᠮ ᠲᠠᠩ ᠤᠨ ᠦᠨ᠎ᠡ ᠳᠤᠮᠳᠠᠴᠢ ᠪᠠᠷ 56% ᠪᠠᠷ ᠪᠠᠭᠤᠷᠠᠭᠤᠯᠵᠤ᠂ ᠬᠠᠮᠤᠭ ᠤᠨ ᠥᠨᠳᠥᠷ ᠲᠡᠭᠡᠨ 98% ᠪᠠᠷ ᠪᠠᠭᠤᠷᠠᠭᠤᠯᠤᠭᠰᠠᠨ ᠪᠠᠶᠢᠨ᠎ᠠ᠃ ᠡᠪᠡᠳᠴᠢᠲᠡᠨ ᠪᠥᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠴᠢᠭ ᠲᠣᠭᠲᠠᠭᠠᠭᠰᠠᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠣᠯᠤᠨ ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠠᠴᠠ  ᠰᠤᠩᠭᠤᠭᠳᠠᠭᠰᠠᠨ ᠡᠮ ᠲᠠᠩ ᠢ ᠬᠤᠳᠠᠯᠳᠤᠨ ᠠᠪᠴᠦ ᠪᠤᠯᠤᠨ᠎ᠠ᠃      ᠲᠣᠰ ᠤᠳᠠᠭᠠᠨ ᠤ ᠰᠤᠩᠭᠤᠭᠳᠠᠭᠰᠠᠨ ᠲᠥᠪᠯᠡᠷᠡᠭᠦᠯᠦᠨ ᠬᠤᠳᠠᠯᠳᠤᠨ ᠠᠪᠬᠤ 61 ᠲᠥᠷᠥᠯ ᠵᠦᠢᠯ ᠪᠣᠯ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠤᠨ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠤᠨ ᠲᠤᠭ᠎ᠠ ᠬᠡᠮᠵᠢᠶ᠎ᠡ᠂ ᠵᠣᠭᠤᠰ ᠤᠨ ᠲᠤᠭ᠎ᠠ ᠪᠠᠷ ᠬᠠᠮᠤᠭ ᠤᠨ ᠣᠯᠠᠨ ᠨᠢᠭᠡ ᠤᠳᠠᠭ᠎ᠠ ᠪᠣᠯᠤᠨ᠎ᠠ᠂ ᠡᠨᠡ ᠨᠢ ᠲᠥᠪᠯᠡᠷᠡᠭᠦᠯᠦᠨ ᠬᠤᠳᠠᠯᠳᠤᠨ ᠠᠪᠬᠤ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃ ᠲᠠᠷᠢᠯᠭ᠎ᠠ ᠶᠢᠨ ᠡᠮ ᠨᠢ ᠲᠣᠰ ᠤᠳᠠᠭᠠᠨ ᠤ ᠬᠤᠳᠠᠯᠳᠤᠨ ᠠᠪᠬᠤ ᠶᠢᠨ ᠭᠤᠤᠯ ᠪᠣᠯᠬᠤ ᠡᠮ ᠤᠨ ᠬᠡᠯᠪᠡᠷᠢ ᠪᠣᠯᠵᠣ᠂ ᠪᠣᠶ ᠪᠥᠬᠦᠶ ᠰᠤᠩᠭᠤᠭᠳᠠᠭᠰᠠᠨ ᠲᠥᠷᠥᠯ ᠵᠦᠢᠯ ᠤᠨ ᠬᠠᠭᠠᠰ ᠢ ᠡᠵᠡᠯᠡᠭᠰᠡᠨ ᠪᠠᠶᠢᠨ᠎ᠠ᠃ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠂ ᠵᠢᠷᠦᠬᠡᠨ ᠲᠢᠲᠢᠮ ᠤᠨ ᠡᠪᠡᠳᠴᠢᠨ᠂ ᠰᠢᠩᠭᠡᠭᠡᠯᠲᠡ ᠶᠢᠨ ᠵᠠᠮ ᠤᠨ ᠰᠢᠰᠲ᠋ᠧᠮ ᠤᠨ ᠡᠪᠡᠳᠴᠢᠨ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ ᠬᠡᠷᠡᠭᠯᠡᠬᠦ ᠡᠮ ᠵᠢᠴᠢ ᠠᠭᠤᠰᠬᠢᠨ ᠤ ᠥᠮᠡᠨ᠂ ᠨᠦᠢᠷ ᠤᠨ ᠪᠤᠯᠴᠢᠷᠬᠠᠶ ᠶᠢᠨ ᠥᠮᠡᠨ ᠵᠡᠷᠭᠡ ᠬᠦᠨᠳᠦ ᠡᠪᠡᠳᠴᠢᠨ ᠳᠤ ᠬᠡᠷᠡᠭᠯᠡᠬᠦ ᠡᠮ᠂ ᠵᠢᠱᠢᠶᠡᠯᠡᠪᠡᠯ ᠲᠠᠷᠢᠬᠢᠨ ᠤ ᠴᠢᠰᠤᠨ ᠤ ᠬᠠᠩᠭᠠᠯᠲᠠ ᠶᠢ ᠰᠠᠶᠢᠵᠢᠷᠠᠭᠤᠯᠬᠤ ᠳᠠᠪᠤᠰᠤᠨ ᠬᠦᠴᠢᠯ ᠤᠨ ᠹᠠᠱᠤᠳᠢᠷ ᠤᠨ ᠲᠠᠷᠢᠯᠭ᠎ᠠ ᠶᠢᠨ ᠰᠢᠩᠭᠡᠨ᠂ ᠥᠮᠡᠨ ᠢ ᠳᠠᠷᠤᠬᠤ ᠡᠮ ᠤᠱᠠᠯᠢ ᠴᠠᠭᠠᠨ ᠠᠯᠲᠠᠨ ᠤ ᠲᠠᠷᠢᠯᠭ᠎ᠠ ᠶᠢᠨ ᠰᠢᠩᠭᠡᠨ ᠵᠡᠷᠭᠡ ᠣᠯᠠᠨ ᠵᠦᠢᠯ ᠤᠨ ᠡᠮᠴᠢᠯᠡᠭᠡᠨ ᠤ ᠬᠦᠷᠢᠶ᠎ᠡ ᠴᠠᠷᠠᠭ᠎ᠠ ᠶᠢ ᠬᠠᠮᠤᠷᠴᠤ ᠪᠠᠶᠢᠳᠠᠭ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠤᠩᠭᠤᠭᠳᠠᠭᠰᠠᠨ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠤᠨ ᠳᠤᠮᠳᠠᠴᠢ ᠪᠠᠭᠤᠷᠠᠯᠲᠠ ᠨᠢ 56% ᠪᠠᠶᠢᠵᠤ᠂ ᠨᠢᠭᠡ ᠪᠦᠯᠦᠭ ᠪᠠᠶᠢᠩᠭᠤ ᠬᠡᠷᠡᠭᠯᠡᠬᠦ ᠡᠮ ᠲᠠᠩ᠂ ᠥᠮᠡᠨ ᠢ ᠡᠰᠡᠷᠭᠦᠴᠡᠬᠦ ᠡᠮ ᠲᠠᠩ ᠤᠨ ᠵᠠᠷᠤᠳᠠᠯ ᠨᠢ ᠢᠯᠡᠳᠲᠡ ᠪᠠᠭᠤᠷᠠᠭᠰᠠᠨ ᠪᠠᠶᠢᠨ᠎ᠠ᠃ ᠲᠥᠰᠦᠭᠡᠯᠡᠨ ᠪᠤᠳᠤᠭᠰᠠᠨ ᠢᠶᠠᠷ᠂ ᠲᠣᠰ ᠤᠳᠠᠭ᠎ᠠ ᠮᠠᠨ ᠤ ᠣᠷᠣᠨ ᠤ ᠵᠢᠯ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ 2.6 ᠳ᠋ᠦᠩᠰᠢᠭᠤᠷ ᠲᠥᠭᠦᠷᠢᠭ ᠠᠷᠪᠢᠯᠠᠬᠤ ᠪᠠᠷ ᠵᠢᠱᠢᠵᠦ ᠪᠣᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号