ᠵᠦᠩ ᠨᠠᠨ ᠱᠠᠨ ᠪᠠᠰᠠ ᠨᠢᠭᠡ ᠰᠢᠨ᠎ᠡ ᠪᠡᠶ᠎ᠡ ᠶᠢᠨ ᠭᠠᠷᠤᠯ ᠲᠠᠢ ᠪᠣᠯᠪᠠ︕
ᠨᠡᠶᠢᠲᠡᠯᠡᠭᠰᠡᠨ ᠴᠠᠭ᠄
2021/11/11
     ︽119︾ ᠤ ᠪᠥᠬᠦ ᠤᠯᠤᠰ ᠤᠨ ᠭᠠᠯ ᠤᠨᠲᠠᠷᠠᠭᠠᠬᠤ ᠡᠳᠦᠷ ᠤᠶᠢᠷᠠᠳᠴᠤ ᠢᠷᠡᠬᠦ ᠶᠢᠨ ᠲᠠᠰᠢᠷᠠᠮ   ᠢᠶᠠᠷ᠂ ᠣᠶᠢᠷ᠎ᠠ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ ᠤᠷᠢᠯᠭ᠎ᠠ ᠪᠠᠷ᠂ ︽ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠬᠦᠷᠲᠡᠭᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠥᠩ ᠨᠠᠨ ᠱᠠᠨ ︽ᠳᠤᠮᠳᠠᠳᠤ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠡᠯᠴᠢ︾ ᠪᠣᠯᠪᠠ᠃              ᠵᠥᠩ ᠨᠠᠨ ᠱᠠᠨ ᠠᠺᠠᠳᠧᠮᠢᠴᠢ ᠬᠡᠯᠡᠬᠦ ᠳᠡᠭᠡᠨ᠂ ᠡᠮᠴᠢ ᠰᠤᠪᠢᠯᠠᠭᠴᠢᠳ ᠪᠠ ᠭᠠᠯ ᠤᠨᠲᠠᠷᠠᠭᠠᠬᠤ ᠠᠵᠢᠯᠲᠠᠳ ᠪᠣᠯ ᠴᠥᠮ ᠰᠢᠨ᠎ᠡ ᠴᠠᠭ ᠦᠶ᠎ᠡ ᠶᠢᠨ ︽ᠰᠥᠷᠦᠨ ᠶᠠᠪᠤᠭᠴᠢ︾ ᠮᠥᠨ᠂ ᠭᠡᠪᠡᠴᠦ ᠬᠢᠵᠢᠭ ᠢ ᠰᠡᠷᠭᠡᠶᠢᠯᠡᠨ ᠬᠤᠷᠢᠬᠯᠠᠬᠤ ᠪᠠ ᠭᠠᠯ ‍ᠤᠨ‌ᠠᠶᠤᠯ ᠢ ᠰᠡᠷᠭᠡᠶᠢᠯᠡᠬᠦ ᠪᠣᠯ ᠵᠥᠪᠬᠡᠨ ᠲᠡᠳᠡᠨ ᠤ ᠶᠠᠪᠤᠳᠠᠯ ᠪᠢᠰᠢ᠂ ᠬᠠᠷᠢᠨ ᠪᠥᠬᠦ ᠠᠷᠠᠳ ᠢᠶᠠᠷ ᠢᠶᠠᠨ ᠴᠢᠬᠤᠯᠠᠴᠢᠯᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ ᠬᠡᠷᠡᠭᠲᠡᠶ᠂ ᠢᠩᠭᠢᠪᠡᠯ ᠰᠠᠶ᠋ᠢ ᠡᠷᠡᠭᠦᠯ ᠮᠡᠨᠳᠦ ᠪᠠ ᠠᠮᠤᠷ ᠠᠮᠤᠭᠤᠯᠠᠩ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ᠂ ᠡᠶᠢᠮᠦ ᠠᠴᠠ ᠤᠬᠠᠭᠤᠯᠭ᠎ᠠ ᠶᠢᠨ ᠠᠵᠢᠯ ᠮᠠᠰᠢ ᠴᠢᠬᠤᠯᠠ ᠶᠤᠮ ᠭᠡᠵᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号